ᠰᠢᠨ᠎ᠡ ᠪᠠᠷᠭᠤ ᠵᠡᠭᠦᠨ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠲᠤᠰᠬᠠᠢ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/23
          5 ᠰᠠᠷ᠎ᠠ ᠶᠢᠨ 22 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠰᠢᠨ᠎ᠡ ᠪᠠᠷᠭᠤ ᠵᠡᠭᠦᠨ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠲᠤᠰᠬᠠᠢ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠬᠠᠳᠠ᠂ ᠳ᠋ᠦ᠋ ᠴᠧᠨ ᠰᠢᠩ᠂ ᠭᠤᠸᠠᠨ ᠴᠠᠩ ᠷᠦᠩ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠰᠤᠮᠤ ᠪᠠᠯᠭᠠᠰᠤᠨ ᠤ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃          ᠬᠤᠷᠠᠯ ᠠᠴᠠ ᠰᠢᠨ᠎ᠡ ᠪᠠᠷᠭᠤ ᠵᠡᠭᠦᠨ ᠬᠤᠰᠢᠭᠤᠨ ᠤ 14 ᠬᠤᠳᠠ ᠶᠢᠨ ᠲᠡᠰ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃          ᠸᠠᠩ ᠨᠠᠢ ᠪᠢᠨ ᠴᠢᠬᠤᠯᠠᠴᠢᠯᠠᠭᠰᠠᠨ ᠨᠢ᠂ ︽ᠲᠦᠷᠦᠯ ᠵᠦᠢᠯ ᠢᠶᠠᠷ ᠭᠤᠣᠯ ᠪᠣᠯᠭᠠᠬᠤ︾ᠣᠶᠢᠯᠠᠭᠠᠭᠳᠠᠬᠤᠨ ᠢ ᠪᠠᠷᠢᠮᠲᠠᠯᠠᠵᠤ᠂ ᠬᠠᠷᠠᠯᠲᠠ ᠪᠠᠨ ᠲᠣᠭᠲᠠᠭᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠡᠩ ᠥᠨᠳᠥᠷ ᠪᠦᠲᠦᠮᠵᠢᠲᠡᠢ ᠦᠢᠯᠡᠴᠢᠯᠡᠭᠡ᠂ ᠨᠡᠩ ᠬᠦᠴᠦᠲᠡᠢ ᠠᠷᠭ᠎ᠠ ᠬᠡᠮᠵᠢᠶ᠎ᠡ ᠪᠠᠷ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠲᠦᠷᠦ ᠶᠢᠨ ᠪᠣᠳᠣᠯᠭ᠎ᠠ ᠶᠢ ᠣᠨᠣᠴᠠᠲᠠᠢ ᠬᠡᠷᠡᠭᠵᠢᠭᠦᠯᠵᠦ᠂ ᠬᠠᠮᠵᠢᠯᠴᠠᠨ ᠬᠠᠮᠲᠤᠷᠠᠯᠴᠠᠵᠤ ᠪᠠᠶᠢᠭᠠᠳ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠦᠷᠦᠯ ᠵᠦᠢᠯ ᠢ ᠬᠢᠨᠠᠨ ᠵᠥᠪᠰᠢᠶᠡᠷᠡᠬᠦ ᠬᠤᠷᠳᠤᠴᠠ ᠶᠢ ᠲᠦᠷᠭᠡᠳᠬᠡᠵᠦ᠂ ᠬᠤᠯᠪᠣᠭᠳᠠᠯ ᠪᠦᠬᠦᠢ ᠭᠠᠵᠠᠷ ᠬᠡᠷᠡᠭᠯᠡᠬᠦ ᠭᠠᠷ ᠭᠦᠢᠴᠡᠳᠬᠡᠯ ᠢ ᠢᠳᠡᠪᠬᠢᠲᠡᠢ ᠠᠬᠢᠭᠤᠯᠬᠤ ᠬᠡᠷᠡᠭᠲᠡᠢ᠃ ᠡᠯ᠎ᠡ ᠠᠵᠢᠯ ᠡᠬᠢᠯᠡᠭᠦᠯᠬᠦ ᠲᠦᠷᠦᠯ ᠵᠦᠢᠯ ᠨᠢ ᠪᠠᠷᠢᠯᠭ᠎ᠠ ᠶᠢᠨ ᠠᠵᠢᠯ ᠤᠨ ᠰᠢᠵᠢᠷ ᠠᠯᠳᠠᠨ ᠬᠤᠭᠤᠴᠠᠭ᠎ᠠ ᠶᠢ ᠪᠠᠲᠤ ᠡᠵᠡᠮᠳᠡᠵᠦ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ᠪᠠᠷᠢᠯᠭ᠎ᠠ ᠶᠢᠨ ᠠᠵᠢᠯ ᠤᠨ ᠠᠬᠢᠴᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠬᠦ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠤᠴᠢᠷ ᠪᠦᠭᠦᠳᠡ ᠶᠢ ᠪᠡᠶᠡᠴᠢᠯᠡᠨ ᠬᠢᠵᠦ᠂ ᠲᠦᠷᠦᠯ ᠵᠦᠢᠯ ᠤᠨ ᠮᠥᠷᠳᠡᠨ ᠦᠢᠯᠡᠴᠢᠯᠡᠬᠦ ᠶᠢ ᠰᠠᠶᠢᠲᠤᠷ ᠬᠢᠵᠦ᠂ ᠲᠦᠷᠦᠯ ᠵᠦᠢᠯ ᠤᠨ ᠰᠠᠭᠤᠷᠢ ᠲᠤᠭ᠎ᠠ ᠪᠣᠯᠣᠨ ᠪᠡᠯᠡ ᠣᠷᠣᠭᠤᠯᠤᠯᠲᠠ ᠶᠢᠨ ᠬᠠᠳᠠᠭᠠᠯᠠᠮᠵᠢ ᠶᠢᠨ ᠬᠡᠮᠵᠢᠶ᠎ᠡ ᠶᠢ ᠲᠣᠳᠣᠷᠬᠠᠢ ᠣᠶᠢᠯᠠᠭᠠᠵᠤ᠂ ᠨᠢᠭᠡᠳᠬᠡᠪᠡᠰᠦ ᠵᠣᠬᠢᠬᠤ ᠶᠢ ᠪᠦᠬᠦᠨ ᠢ ᠨᠢᠭᠡᠳᠬᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠡᠷᠴᠢ ᠵᠣᠷᠢᠭ ᠢᠶᠠᠨ ᠪᠠᠷᠢᠮᠲᠠᠯᠠᠵᠤ᠂ ᠬᠦᠴᠢᠷ ᠢ ᠰᠥᠷᠦᠨ ᠤᠷᠤᠭᠰᠢᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠬᠠᠷᠠᠯᠲᠠ ᠡᠭᠦᠷᠭᠡ ᠪᠠᠨ ᠴᠢᠩᠭ᠎ᠠ ᠠᠩᠬᠠᠷᠴᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠮᠠᠭᠲᠠ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ᠂ ᠮᠥᠷᠥᠨ ᠳᠡᠭᠡᠷ᠎ᠡ ᠪᠠᠨ ᠡᠭᠦᠷᠭᠡᠯᠡᠵᠦ᠂ ᠰᠢᠨ᠎ᠡ ᠪᠠᠷᠭᠤ ᠵᠡᠭᠦᠨ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ