ᠰᠢᠨᠬᠤᠸᠠ ᠰᠦᠯᠵᠢᠶᠡᠨ ᠤ 22 ᠤᠨ ᠡᠳᠦᠷ ᠤᠨ ᠮᠡᠳᠡᠭᠡᠯᠡᠭᠰᠡᠨ ᠢᠶᠠᠷ᠂ ᠥᠪᠥᠷ ᠮᠣᠩᠭᠤᠯ ᠡᠳ᠋ ᠤᠨ ᠵᠠᠰᠠᠭ ᠤᠨ ᠨᠡᠮᠡᠭᠦᠷᠢ ᠪᠠᠷ ᠳᠠᠮᠵᠢᠭᠤᠯᠤᠨ | ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠳᠡᠮᠵᠢᠵᠦ᠂ ᠨᠡᠮᠡᠭᠦᠷᠢ ᠣᠯᠭᠤᠬᠤ ᠡᠲᠡᠭᠡᠳ ᠨᠢ ᠬᠤᠲᠠ ᠶᠢᠨ | ᠨᠡᠶᠢᠲᠡ ᠶᠢᠨ ᠮᠠᠰᠢᠨ ᠲᠡᠷᠭᠡᠨ ᠤ ᠪᠠ ᠴᠠᠬᠢᠯᠭᠠᠨ ᠲᠡᠷᠭᠡᠨ ᠤ ᠵᠠᠮ ᠱᠤᠭᠤᠮ ᠤᠨ ᠲᠡᠭᠡᠭᠡᠪᠦᠷᠢ ᠶᠢᠨ ᠡᠵᠡᠩᠨᠡᠯᠲᠡ ᠶᠢᠨ ᠡᠷᠬᠡ ᠶᠢ ᠬᠠᠤᠯᠢ ᠶᠣᠰᠣᠭᠠᠷ ᠣᠯᠣᠭᠰᠠᠨ ᠠᠵᠤ | ᠠᠬᠤᠶᠢᠯᠠᠯ ᠪᠠᠶᠢᠵᠤ᠂ ᠰᠢᠨ᠎ᠡ ᠪᠠᠷ ᠬᠤᠳᠠᠯᠳᠤᠨ ᠠᠪᠤᠭᠰᠠᠨ ᠲᠡᠷᠭᠡ ᠬᠥᠰᠬᠡ ᠨᠢ ᠡᠷᠬᠡᠪᠰᠢ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ᠭᠤᠷᠪᠠᠨ | ᠶᠡᠭᠡ ᠰᠢᠨ᠎ᠡ ᠡᠨᠧᠷᠭᠢ ᠶᠢᠨ ᠲᠡᠷᠭᠡᠨ ᠤ ᠬᠡᠯᠪᠡᠷᠢ ᠳᠤ ᠵᠢᠭᠰᠠᠭᠠᠭᠳᠠᠭᠰᠠᠨ ᠭᠠᠷᠴᠠᠭ ᠲᠤ ᠪᠠᠶᠢᠬᠤ ᠪᠠᠷ ᠪᠠᠷᠠᠬᠤ ᠦᠭᠡᠢ ᠬᠡᠷᠡᠭᠯᠡᠯᠲᠡ ᠶᠢᠨ ᠰᠢᠨᠵᠢ ᠴᠢᠨᠠᠷ ᠨᠢ | ︽ᠨᠡᠶᠢᠲᠡ ᠶᠢᠨ ᠵᠠᠮ ᠬᠠᠷᠢᠯᠴᠠᠭᠠᠨ ᠤ ᠠᠶᠠᠨᠴᠢᠳ ᠤᠨ ᠲᠡᠭᠡᠭᠡᠪᠦᠷᠢ︾ ᠪᠠᠷ ᠳᠠᠩᠰᠠᠯᠠᠭᠤᠯᠤᠨ ᠲᠡᠮᠳᠡᠭᠯᠡᠭᠦᠯᠦᠭᠰᠡᠨ ᠪᠠᠶᠢᠬᠤ ᠬᠡᠷᠡᠭᠲᠡᠢ ᠭᠡᠵᠦ ᠲᠣᠳᠣᠷᠬᠠᠶᠢᠯᠠᠪᠠ᠃ | ᠨᠡᠮᠡᠭᠦᠷᠢ ᠶᠢᠨ ᠰᠠᠭᠤᠷᠢ ᠪᠠᠷᠢᠮᠵᠢᠶ᠎ᠠ ᠨᠢ ᠰᠢᠨ᠎ᠡ ᠡᠨᠧᠷᠬᠢ ᠶᠢᠨ ᠨᠡᠶᠢᠲᠡ ᠶᠢᠨ ᠵᠠᠮ ᠬᠠᠷᠢᠯᠴᠠᠭᠠᠨ ᠤ ᠲᠡᠷᠭᠡ ᠨᠢᠭᠡ ᠪᠦᠷᠢ ᠳᠤ 11 ᠲᠦᠮᠡᠨ ᠲᠥᠭᠦᠷᠢᠭ ᠤᠨ ᠨᠡᠮᠡᠭᠦᠷᠢ | ᠣᠯᠭᠤᠵᠤ᠂ ᠱᠠᠯᠠ ᠨᠢ ᠳᠣᠣᠷ᠎ᠠ ᠵᠢᠴᠢ ᠡᠭᠦᠳᠡᠨ ᠭᠢᠰᠬᠢᠭᠦᠷ ᠨᠢ ᠳᠣᠣᠷ᠎ᠠ ᠪᠠᠶᠢᠬᠤ ᠰᠢᠨ᠎ᠡ ᠡᠨᠧᠷᠬᠢ ᠶᠢᠨ ᠬᠤᠲᠠ ᠳᠤ ᠬᠡᠷᠡᠭᠯᠡᠬᠦ ᠨᠡᠶᠢᠲᠡ ᠶᠢᠨ ᠵᠠᠮ ᠬᠠᠷᠢᠯᠴᠠᠭᠠᠨ ᠤ | ᠲᠡᠷᠭᠡ ᠨᠢᠭᠡ ᠪᠦᠷᠢ ᠶᠢ ᠰᠢᠨᠡᠳᠬᠡᠬᠦ ᠳᠤ ᠳᠠᠬᠢᠨ 1 ᠲᠦᠮᠡᠨ ᠲᠥᠭᠦᠷᠢᠭ ᠤᠨ ᠨᠡᠮᠡᠭᠦᠷᠢ ᠣᠯᠭᠤᠵᠤ᠂ ᠲᠡᠷᠭᠡ ᠪᠦᠷᠢ ᠳᠤ ᠬᠠᠮᠤᠭ ᠤᠨ ᠠᠷᠪᠢᠨ ᠳᠤ ᠪᠠᠨ 12 ᠲᠦᠮᠡᠨ | ᠲᠥᠭᠦᠷᠢᠭ ᠤᠨ ᠨᠡᠮᠡᠭᠦᠷᠢ ᠣᠯᠭᠤᠨ᠎ᠠ᠃ |