​ᠥᠪᠥᠷ ᠮᠣᠩᠭᠤᠯ ᠤᠨ 2025 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠠᠵᠢᠯ ᠤᠨ ᠲᠣᠭᠲᠠᠭᠠᠯ ᠲᠣᠳᠣᠷᠬᠠᠢ ᠪᠣᠯᠪᠠ
ᠨᠡᠶᠢᠲᠡᠯᠡᠭᠰᠡᠨ ᠴᠠᠭ᠄
2025/5/23
          ᠡᠨᠡ ᠵᠢᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠠᠩᠬᠠᠨ ᠤ ᠵᠢᠯ ᠪᠣᠯᠣᠨ᠎ᠠ᠂ ᠰᠣᠶᠣᠯ ᠮᠡᠳᠡᠯᠭᠡ ᠶᠢᠨ ᠬᠢᠴᠢᠶᠡᠯ ᠤᠨ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠪᠠ ᠰᠣᠩᠭᠤᠵᠤ ᠰᠣᠷᠣᠭᠰᠠᠨ ᠬᠢᠴᠢᠶᠡᠯ ᠤᠨ ᠰᠢᠯᠭᠠᠯᠲᠠ ᠶᠢ 6 ᠳ᠋ᠤᠭᠠᠷ ᠰᠠᠷ᠎ᠠ ᠶᠢᠨ 7 ᠤ ᠡᠳᠦᠷ ᠠᠴᠠ 9 ᠤ ᠡᠳᠦᠷ ᠪᠣᠯᠲᠠᠯ᠎ᠠ ᠶᠠᠪᠤᠭᠳᠠᠭᠤᠯᠤᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠰᠢᠯᠭᠠᠯᠲᠠ ᠶᠢᠨ ᠡᠯᠰᠡᠬᠦ ᠠᠵᠢᠯ ᠤᠨ ᠲᠣᠭᠲᠠᠭᠠᠯ ᠳᠤ᠂ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠢ ᠨᠡᠶᠢᠲᠡ 4 ᠪᠦᠯᠦᠭ ᠤᠳᠠᠭ᠎ᠠ ᠪᠠᠷ ᠲᠣᠬᠢᠷᠠᠭᠤᠯᠤᠨ ᠶᠠᠪᠤᠭᠳᠠᠭᠤᠯᠤᠨ᠎ᠠ ᠭᠡᠵᠦ ᠲᠣᠳᠣᠷᠬᠠᠢ ᠲᠣᠭᠲᠠᠭᠠᠪᠠ᠃
ᠢᠷᠡᠯᠲᠡ᠄ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ