ᠨᠠᠮ ᠤᠨ ᠦᠨᠳᠦᠰᠦᠲᠡᠨ ᠤ ᠲᠥᠷᠦ ᠶᠢᠨ ᠪᠣᠳᠣᠯᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠵᠤ᠂ ᠵᠠᠰᠠᠭ ᠤᠨ ᠣᠷᠳᠣᠨ ᠤ ᠠᠯᠪᠠᠨ ᠭᠡᠷ ᠤᠨ ᠺᠠᠳ᠋ᠷ ᠠᠵᠢᠯᠲᠠᠨ ᠤ | ᠦᠨᠳᠦᠰᠦᠲᠡᠨ ᠤ ᠬᠠᠤᠯᠢ ᠪᠠᠷ ᠵᠠᠰᠠᠬᠤ ᠰᠡᠳᠬᠢᠬᠦᠢ ᠶᠢ ᠳᠡᠭᠡᠭᠰᠢᠯᠡᠭᠦᠯᠬᠦ ᠶᠢᠨ ᠲᠤᠰᠠᠳᠠ᠂ 5 ᠰᠠᠷ᠎ᠠ ᠶᠢᠨ 22 ᠤᠨ ᠡᠳᠦᠷ᠂ ᠬᠤᠲᠠ ᠶᠢᠨ ᠵᠠᠰᠠᠭ ᠤᠨ ᠣᠷᠳᠣᠨ ᠤ | ᠠᠯᠪᠠᠨ ᠭᠡᠷ ᠦᠨᠳᠦᠰᠦᠲᠡᠨ ᠤ ᠬᠠᠤᠯᠢ ᠪᠠᠷ ᠵᠠᠰᠠᠬᠤ ᠲᠥᠷᠦ ᠶᠢᠨ ᠪᠣᠳᠣᠯᠭ᠎ᠠ ᠶᠢᠨ ᠲᠤᠰᠬᠠᠢ ᠰᠡᠳᠦᠪᠲᠦ ᠲᠠᠶᠢᠯᠤᠮᠵᠢ ᠥᠷᠨᠢᠭᠦᠯᠪᠡ᠃ ᠬᠤᠲᠠ ᠶᠢᠨ ᠵᠠᠰᠠᠭ ᠤᠨ | ᠣᠷᠳᠣᠨ ᠤ ᠠᠯᠪᠠᠨ ᠭᠡᠷ ᠤᠨ ᠺᠠᠳ᠋ᠷ ᠠᠵᠢᠯᠲᠠᠨ 40 ᠭᠠᠷᠤᠢ ᠬᠥᠮᠥᠨ ᠰᠤᠷᠤᠯᠴᠠᠯᠭ᠎ᠠ ᠳᠤ ᠣᠷᠣᠯᠴᠠᠵᠠᠢ᠃ | ᠲᠠᠶᠢᠯᠤᠮᠵᠢ ᠳᠤ ᠪᠡᠭᠡᠵᠢᠩ ᠬᠤᠲᠠ ᠶᠢᠨ ᠸᠠᠩ ᠢᠦᠢ ᠮᠧᠶ ︵ᠬᠠᠶᠢᠯᠠᠷ︶ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ᠳ᠋ᠦᠩ ᠰᠢᠶᠠᠩ | ᠶᠢᠩ ᠢ ᠤᠷᠢᠵᠤ ︽ᠤᠮᠠᠷᠠᠲᠤ ᠬᠢᠯᠢ ᠶᠢᠨ ᠪᠦᠯᠬᠦᠮᠳᠡᠯ ᠤᠨ ᠰᠠᠭᠤᠷᠢ ᠶᠢ ᠪᠠᠬᠢᠵᠢᠭᠦᠯᠵᠦ ᠦᠵᠡᠰᠬᠦᠯᠡᠩᠲᠦ ᠰᠠᠶᠢᠬᠠᠨ ᠬᠥᠯᠥᠨ ᠪᠤᠶᠢᠷ ᠢ ᠬᠠᠮᠲᠤ ᠪᠠᠷ ᠪᠦᠲᠦᠭᠡᠨ | ᠪᠠᠶᠢᠭᠤᠯᠤᠶ᠎ᠠ︾ ᠭᠡᠬᠦ ᠰᠡᠳᠦᠪ ᠢᠶᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ | ᠤᠨ ᠲᠤᠬᠠᠢ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃ ︽ᠳᠦᠷᠢᠮ︾ ᠤᠨ ᠬᠠᠤᠯᠢ ᠲᠣᠭᠲᠠᠭᠠᠭᠰᠠᠨ ᠠᠬᠤᠢ ᠪᠠᠶᠢᠳᠠᠯ᠂ ᠭᠤᠣᠯ ᠵᠦᠢᠯ ᠵᠤᠷᠪᠤᠰ᠂ ᠪᠣᠳᠠᠲᠠᠢ | ᠠᠵᠢᠯᠯᠠᠭᠠᠨ ᠵᠡᠷᠭᠡ ᠲᠠᠯ᠎ᠠ ᠠᠴᠠ ᠰᠢᠰᠲ᠋ᠧᠮ ᠲᠠᠢ ᠲᠠᠶᠢᠯᠤᠮᠵᠢ ᠬᠢᠪᠡ᠃ ᠬᠡᠷᠡᠭ ᠤᠨ ᠵᠢᠱᠢᠶ᠎ᠡ᠂ ᠲᠤᠭ᠎ᠠ ᠪᠠᠷᠢᠮᠲᠠ ᠵᠡᠷᠭᠡ ᠪᠠᠷ ᠳᠠᠮᠵᠢᠭᠤᠯᠤᠨ᠂ ︽ᠳᠦᠷᠢᠮ︾ ᠤᠨ ᠤᠯᠤᠰ | ᠲᠥᠷᠥ ᠶᠢᠨ ᠤᠳᠤᠷᠢᠳᠤᠮᠵᠢ᠂ ᠰᠣᠶᠣᠯ ᠤᠨ ᠠᠭᠤᠰᠤᠯᠴᠠᠯ᠂ ᠠᠵᠤ ᠠᠬᠤᠢ ᠶᠢᠨ ᠬᠥᠭᠵᠢᠯᠲᠡ ᠵᠡᠷᠭᠡ ᠬᠦᠷᠢᠶ᠎ᠡ ᠴᠠᠷᠠᠭᠠᠨ ᠳᠠᠬᠢ ᠦᠢᠯᠡᠳᠦᠯᠭᠡ ᠶᠢᠨ ᠠᠷᠭ᠎ᠠ ᠵᠠᠮ ᠢ | ᠭᠦᠨᠵᠡᠭᠡᠢ ᠲᠠᠶᠢᠯᠪᠤᠷᠢᠯᠠᠵᠤ᠂ ᠦᠨᠳᠦᠰᠦᠲᠡᠨ ᠤ ᠣᠷᠣᠨ ᠤ ᠬᠠᠤᠯᠢᠵᠢᠯ ᠤᠨ ᠪᠠᠶᠢᠭᠤᠯᠤᠯᠲᠠ ᠶᠢ ᠣᠶᠢᠯᠠᠭᠠᠬᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ | ᠳᠡᠭᠡᠭᠰᠢᠯᠡᠭᠦᠯᠬᠦ ᠳᠤ ᠲᠤᠰᠬᠠᠢ ᠮᠡᠷᠭᠡᠵᠢᠯ ᠤᠨ ᠬᠠᠷᠠᠭᠠᠰᠤ ᠪᠠ ᠠᠵᠢᠯᠯᠠᠭᠠᠨ ᠤ ᠵᠦᠭᠯᠡᠭᠦᠷ ᠬᠠᠩᠭᠠᠪᠠ᠃ | ᠲᠠᠷᠠᠭᠠᠴᠢ ᠶᠢᠨ ᠠᠯᠬᠤᠮ ᠳᠤ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠣᠯᠠᠨ ᠶᠠᠩᠵᠤᠴᠢᠯᠠᠭᠰᠠᠨ ᠤᠬᠠᠭᠤᠯᠭ᠎ᠠ ᠶᠢᠨ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠺᠠᠳ᠋ᠷ ᠠᠵᠢᠯᠲᠠᠨ ᠤ ᠰᠡᠳᠬᠢᠯ ᠳᠤ ᠭᠦᠨ ᠬᠠᠳᠠᠩᠰᠢᠭᠤᠯᠵᠤ᠂ ᠤᠮᠠᠷᠠᠲᠤ ᠬᠢᠯᠢ ᠶᠢᠨ | ᠦᠨᠳᠦᠰᠦᠲᠡᠨ ᠤ ᠪᠦᠯᠬᠦᠮᠳᠡᠯ ᠤᠨ ᠠᠮᠢᠨ ᠰᠤᠳᠠᠰᠤ ᠶᠢ ᠬᠠᠮᠲᠤ ᠪᠠᠷ ᠰᠠᠬᠢᠨ ᠬᠠᠮᠠᠭᠠᠯᠠᠨ᠎ᠠ᠃ |