ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠭᠦᠨᠵᠡᠭᠡᠢ ᠤᠬᠠᠭᠤᠯᠤᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠤᠮᠠᠷᠠᠲᠤ ᠬᠢᠯᠢ ᠶᠢᠨ ᠰᠣᠶᠣᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ 5 ᠰᠠᠷ᠎ᠠ ᠶᠢᠨ | 23 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | ᠠᠵᠢᠯᠲᠠᠨ ᠢᠶᠠᠨ ᠵᠣᠬᠢᠶᠠᠨ ᠪᠠᠶᠢᠭᠤᠯᠵᠤ᠂ ᠰᠢᠨ᠎ᠡ ᠪᠠᠷᠭᠤ ᠵᠡᠭᠦᠨ ᠬᠤᠰᠢᠭᠤᠨ ᠤ ᠰᠢᠨᠡᠪᠤᠯᠠᠭ ᠰᠤᠮᠤᠨ ᠳᠤ ᠪᠠᠶᠢᠬᠤ ᠬᠥᠯᠥᠨ ᠪᠤᠶᠢᠷ ᠬᠤᠲᠠ ᠶᠢᠨ ︽ᠲᠦᠷᠪᠡᠨ ᠬᠠᠮᠲᠤ | ᠪᠠᠷ ᠢᠶᠠᠨ︾ ᠣᠷᠳᠣ ᠬᠤᠩᠭᠢᠯ ᠤᠨ ᠪᠦᠲᠦᠭᠡᠨ ᠪᠠᠶᠢᠭᠤᠯᠤᠯᠲᠠ ᠶᠢᠨ ᠦᠢᠯᠡᠳᠦᠯᠭᠡ ᠶᠢᠨ ᠬᠤᠸᠠᠷᠠᠨ ᠵᠢᠴᠢ ᠬᠠᠶᠢᠯᠠᠷ ᠲᠣᠭᠤᠷᠢᠭ ᠤᠨ ᠬᠥᠯᠥᠨ ᠪᠤᠶᠢᠷ ᠤᠨ | ᠦᠨᠳᠦᠰᠦᠲᠡᠨ ᠤ ᠮᠦᠽᠧᠢ ᠳᠤ ᠬᠦᠷᠴᠦ ᠲᠣᠭᠤᠷᠢᠨ ᠰᠤᠷᠤᠯᠴᠠᠭᠤᠯᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠰᠢᠷᠢᠰ | ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠪᠡ᠃ | | | | | ᠬᠥᠯᠥᠨ ᠪᠤᠶᠢᠷ ᠬᠤᠳᠠ ᠶᠢᠨ ︽ᠲᠦᠷᠪᠡᠨ ᠬᠠᠮᠲᠤ ᠪᠠᠷ ᠢᠶᠠᠨ︾ᠤᠷᠳᠤ ᠬᠤᠩᠭᠢᠯ ᠤᠨ ᠪᠦᠲᠦᠭᠡᠨ ᠪᠠᠶᠢᠭᠤᠯᠤᠯᠲᠠ ᠶᠢᠨ ᠦᠢᠯᠡᠳᠦᠯᠭᠡ ᠶᠢᠨ | ᠬᠤᠸᠠᠷᠠᠨ ᠳᠤ᠂ ᠣᠷᠣᠯᠴᠠᠭᠰᠠᠳ ᠲᠤᠬᠠᠢ ᠶᠢᠨ ᠭᠠᠵᠠᠷ ᠲᠤᠨᠢ ᠬᠦᠷᠴᠦ ᠰᠤᠷᠪᠤᠯᠵᠢᠯᠠᠨ᠂ ᠵᠢᠷᠤᠭ ᠦᠰᠦᠭ ᠪᠢᠴᠢᠭ ᠤᠨ ᠦᠵᠡᠭᠦᠯᠦᠯᠭᠡ ᠶᠢᠨ ᠰᠠᠮᠪᠠᠷ᠎ᠠ ᠶᠢ ᠲᠣᠭᠤᠷᠢᠨ | ᠦᠵᠡᠵᠦ᠂ ᠲᠤᠬᠠᠢ ᠶᠢᠨ ᠭᠠᠵᠠᠷ ᠤᠨ ᠬᠢᠯᠢ ᠬᠢᠵᠠᠭᠠᠷ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ | ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠵᠦ ᠪᠠᠶᠢᠭ᠎ᠠ ᠪᠠᠶᠢᠳᠠᠯ ᠢ ᠪᠠᠬᠢᠵᠢᠭᠦᠯᠬᠦ ᠵᠡᠷᠭᠡ ᠲᠠᠯ᠎ᠠ ᠪᠠᠷ ᠣᠯᠣᠭᠰᠠᠨ ᠡᠯᠪᠡᠭ | ᠪᠠᠶᠠᠯᠢᠭ ᠦᠷ᠎ᠡ ᠪᠦᠲᠦᠭᠡᠯ ᠢ ᠭᠦᠨᠵᠡᠭᠡᠢ ᠣᠶᠢᠯᠠᠭᠠᠪᠠ᠃ ᠤᠮᠠᠷᠠᠲᠤ ᠬᠢᠯᠢ ᠶᠢᠨ ᠰᠣᠶᠣᠯ ᠳᠠᠬᠢ ᠨᠡᠭᠡᠭᠡᠯᠲᠡᠲᠡᠢ ᠪᠠᠭᠲᠠᠭᠠᠮᠵᠢᠲᠠᠢ᠂ ᠪᠦᠯᠬᠦᠮᠳᠡᠨ ᠲᠡᠮᠡᠴᠡᠬᠦ᠂ ᠰᠠᠬᠢᠨ | ᠪᠠᠷᠠᠯᠠᠵᠥ ᠬᠠᠷᠢᠯᠴᠠᠨ ᠬᠠᠪᠰᠤᠷᠤᠯᠴᠠᠬᠤ᠂ ᠤᠯᠤᠰ ᠢᠶᠠᠨ ᠬᠠᠶᠢᠷᠠᠯᠠᠵᠤ ᠬᠢᠯᠢ ᠬᠢᠵᠠᠭᠠᠷ ᠢᠶᠠᠨ ᠬᠠᠮᠠᠭᠠᠯᠠᠬᠤ ᠵᠣᠷᠢᠭ ᠰᠠᠨᠠᠭ᠎ᠠ ᠨᠢ ᠬᠢᠯᠢ ᠬᠢᠵᠠᠭᠠᠷ ᠢᠶᠠᠨ ᠬᠠᠮᠠᠭᠠᠯᠠᠬᠤ | ᠠᠮᠢᠳᠤᠷᠠᠯ ᠤᠨ ᠵᠢᠷᠤᠭ ᠲᠥᠯᠥᠪ᠂ ᠬᠢᠯᠢ ᠬᠢᠵᠠᠭᠠᠷ ᠤᠨ ᠪᠦᠲᠦᠭᠡᠨ ᠪᠠᠶᠢᠭᠤᠯᠤᠯᠲᠠ ᠶᠢᠨ ᠠᠮᠵᠢᠯᠲᠠ ᠪᠦᠲᠦᠮᠵᠢ ᠶᠢᠨ ᠳᠤᠮᠳᠠ ᠠᠮᠢᠳᠤᠯᠢᠭ ᠢᠶᠠᠷ ᠢᠯᠡᠷᠡᠵᠡᠢ᠃ | ᠣᠯᠠᠨ ᠢᠶᠠᠷ ᠢᠶᠠᠨ ᠭᠦᠨ᠎ᠡ ᠣᠶᠢᠯᠠᠭᠠᠭᠰᠠᠨ ᠨᠢ᠂ ᠬᠢᠯᠢ ᠬᠢᠵᠠᠭᠠᠷ ᠣᠷᠣᠨ ᠤ ᠬᠥᠭᠵᠢᠯᠲᠡ ᠶᠢᠨ ᠤᠯᠠ ᠮᠥᠷ ᠨᠢᠭᠡᠪᠦᠷᠢ ᠨᠢ ᠴᠥᠮ ᠤᠮᠠᠷᠠᠲᠤ ᠬᠢᠯᠢ ᠶᠢᠨ ᠰᠣᠶᠣᠯ ᠢ | ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠭᠰᠡᠨ ᠠᠮᠢᠳᠤᠯᠢᠭ ᠦᠢᠯᠡᠳᠦᠯᠭᠡ ᠮᠥᠨ᠂ ᠬᠤᠶᠠᠭᠤᠯᠠ ᠪᠠᠨ ᠬᠠᠷᠢᠯᠴᠠᠨ ᠰᠣᠯᠪᠢᠴᠠᠵᠤ᠂ ᠬᠠᠮᠲᠤ ᠪᠠᠷ ᠣᠷᠣᠰᠢᠨ | ᠬᠠᠮᠲᠤ ᠪᠠᠷ ᠴᠡᠴᠡᠭᠯᠡᠨ ᠬᠥᠭᠵᠢᠵᠦ ᠪᠠᠶᠢᠳᠠᠭ᠃ ᠤᠯᠠᠨ ᠢᠶᠠᠷ ᠢᠶᠠᠨ︽ᠳᠦᠷᠪᠡᠨ ᠬᠠᠮᠲᠤ ᠪᠠᠷ ᠢᠶᠠᠨ︾ ᠣᠶᠢᠯᠠᠭᠠᠭᠳᠠᠬᠤᠨ ᠨᠢ ᠤᠮᠠᠷᠠᠲᠤ ᠬᠢᠯᠢ ᠶᠢᠨ ᠰᠣᠶᠣᠯ ᠲᠠᠢ ᠤᠳᠤᠮ | ᠤᠯᠠᠮᠵᠢᠯᠠᠯ ᠨᠢᠭᠡᠲᠡᠢ ᠪᠠᠶᠢᠵᠤ᠂ ᠬᠢᠯᠢ ᠬᠢᠵᠠᠭᠠᠷ ᠤᠨ ᠬᠥᠭᠵᠢᠯ ᠴᠡᠴᠡᠭᠯᠡᠯ᠂ ᠬᠢᠯᠢ ᠬᠢᠵᠠᠭᠠᠷ ᠤᠨ ᠠᠷᠠᠳ ᠲᠦᠮᠡᠨ ᠤ ᠡᠪ ᠪᠦᠯᠬᠦᠮᠳᠡᠯ ᠵᠣᠯ ᠵᠢᠷᠭᠠᠯ᠂ ᠬᠢᠯᠢ ᠶᠢᠨ | ᠬᠠᠮᠠᠭᠠᠯᠠᠯᠲᠠ ᠶᠢᠨ ᠠᠮᠤᠷ ᠲᠦᠪᠰᠢᠨ ᠡᠩᠬᠡ ᠲᠣᠭᠲᠠᠭᠤᠨ ᠢ ᠠᠬᠢᠭᠤᠯᠬᠤ ᠳᠤ ᠠᠯᠤᠰ ᠬᠡᠳᠤ ᠶᠢᠨ ᠠᠴᠢ ᠬᠤᠯᠪᠣᠭᠳᠠᠯ ᠲᠠᠢ ᠭᠡᠳᠡᠭ ᠢ ᠭᠦᠨᠵᠡᠭᠡᠢ ᠮᠡᠳᠡᠷᠡᠵᠦ᠂ | ᠳᠣᠲᠣᠭᠠᠳᠤ ᠰᠡᠳᠬᠢᠯ ᠤᠨ ᠡᠭᠦᠷᠭᠡᠲᠦ ᠰᠡᠳᠬᠢᠯᠭᠡ ᠪᠣᠯᠣᠨ ᠬᠠᠷᠢᠭᠤᠴᠠᠯᠭᠠᠲᠤ ᠰᠡᠳᠬᠢᠯᠭᠡ ᠤᠯᠠᠮ ᠴᠢᠩᠭᠠᠷᠠᠵᠤ᠂ ᠦᠨᠳᠦᠰᠦᠲᠡᠨ ᠤ ᠪᠦᠯᠬᠦᠮᠳᠡᠯ ᠪᠣᠯᠣᠨ ᠬᠢᠯᠢ | ᠬᠢᠵᠠᠭᠠᠷ ᠤᠨ ᠲᠣᠭᠲᠠᠭᠤᠨ ᠢ ᠬᠠᠮᠠᠭᠠᠯᠠᠬᠤ ᠢᠲᠡᠭᠡᠯ ᠵᠣᠷᠢᠭ ᠢᠶᠠᠨ ᠤᠯᠠᠮ ᠪᠠᠲᠤᠳᠬᠠᠪᠠ᠃ | | | | | | | | | | | | ᠲᠣᠰ ᠤᠳᠠᠭᠠᠨ ᠤ ᠲᠣᠭᠤᠷᠢᠨ ᠦᠵᠡᠵᠦ ᠰᠤᠷᠤᠯᠴᠠᠬᠤ ᠠᠵᠢᠯᠯᠠᠭ᠎ᠠ ᠪᠣᠯ ᠰᠢᠨ᠎ᠡ ᠪᠠᠷᠭᠤ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ | ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ | ᠰᠢᠷᠢᠰ ᠠᠵᠢᠯᠯᠠᠭ᠎ᠠ ᠶᠢᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠰᠤᠷᠤᠯᠴᠠᠯᠭ᠎ᠠ ᠶᠢ ᠤᠮᠠᠷᠠᠲᠤ ᠬᠢᠯᠢ ᠶᠢᠨ | ᠰᠣᠶᠣᠯ ᠤᠨ ᠣᠶᠢᠯᠠᠭᠠᠯᠲᠠ ᠲᠠᠢ ᠤᠶᠠᠯᠳᠤᠭᠤᠯᠬᠤ ᠪᠠᠷ ᠳᠠᠮᠵᠢᠭᠤᠯᠤᠨ᠂ ᠰᠢᠭᠤᠳ ᠠᠭᠠᠳ ᠠᠮᠢᠳᠤᠯᠢᠭ ᠠᠷᠭ᠎ᠠ ᠮᠠᠶ᠋ᠢᠭ ᠢᠶᠠᠷ ᠺᠠᠳ᠋ᠷ ᠠᠵᠢᠯᠲᠠᠳ ᠲᠤ ᠨᠠᠮ ᠤᠨ | ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠨᠠᠩ ᠭᠦᠨᠵᠡᠭᠡᠢ ᠣᠶᠢᠯᠠᠭᠠᠭᠤᠯᠵᠤ᠂ ᠦᠨᠳᠦᠰᠦᠲᠡᠨ ᠤ ᠪᠦᠯᠬᠦᠮᠳᠡᠯ ᠢ ᠴᠢᠬᠤᠯᠠᠴᠢᠯᠠᠬᠤ᠂ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢ ᠢᠳᠡᠪᠬᠢᠲᠡᠢ ᠤᠬᠠᠭᠤᠯᠬᠤ᠂ ᠤᠮᠠᠷᠠᠲᠤ ᠬᠢᠯᠢ ᠶᠢᠨ ᠰᠣᠶᠣᠯ ᠢ ᠤᠯᠠᠮᠵᠢᠯᠠᠨ ᠪᠠᠳᠠᠷᠠᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠥᠬᠦ | ᠲᠠᠯ᠎ᠠ ᠪᠠᠷ ᠪᠣᠶ ᠪᠣᠯᠭᠠᠭᠰᠠᠨ ᠪᠠᠶᠢᠨ᠎ᠠ᠃ | | | | | | | | | | | | | | | | | | | | | ᠢᠷᠡᠭᠡᠳᠦᠢ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠦᠷᠭᠦᠯᠵᠢᠯᠡᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠪᠠᠷ ᠠᠵᠠ ᠲᠣᠬᠢᠶᠠᠯ ᠪᠣᠯᠭᠠᠵᠤ᠂ ᠠᠵᠢᠯᠯᠠᠭ᠎ᠠ ᠶᠢᠨ | ᠬᠡᠯᠪᠡᠷᠢ ᠶᠢᠨ ᠰᠢᠨ᠎ᠡ ᠶᠢ ᠡᠭᠦᠳᠴᠦ᠂ ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠭᠵᠢᠭᠤᠯᠤᠨ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠬᠡᠪᠴᠢᠶ᠎ᠡ | ᠬᠢᠭᠡᠳ ᠤᠮᠠᠷᠠᠲᠤ ᠬᠢᠯᠢ ᠶᠢᠨ ᠰᠣᠶᠣᠯ ᠤᠨ ᠠᠭᠤᠰᠤᠯᠴᠠᠯ ᠤᠨ ᠴᠡᠭ ᠢ ᠭᠦᠨᠵᠡᠭᠡᠢ ᠠᠭᠤᠳᠠᠯᠵᠤ᠂ ᠬᠢᠯᠢ ᠬᠢᠵᠠᠭᠠᠷ ᠤᠨ ᠥᠯᠢᠭᠡᠷ ᠢ ᠰᠠᠶᠢᠲᠤᠷ ᠶᠠᠷᠢᠵᠤ᠂ ᠵᠢᠱᠢᠶᠡᠴᠢ | ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ | | |