ᠨᠠᠮ ᠤᠨ ᠪᠠᠶᠢᠭᠤᠯᠤᠯᠲᠠ ᠨᠡᠶᠢᠯᠡᠮᠡᠯ ᠬᠦᠴᠦᠨ ᠢ ᠬᠥᠲᠥᠯᠥᠨ ᠳᠠᠭᠠᠭᠤᠯᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠠᠷᠠᠳ ᠤᠨ ᠰᠡᠳᠬᠢᠯ ᠳᠤ ᠬᠦᠷᠭᠡᠨ᠎ᠡ︱ᠰᠢᠨ᠎ᠡ ᠪᠠᠷᠭᠤ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠭᠤᠣᠯ ᠰᠡᠳᠦᠪᠲᠦ ᠨᠠᠮ ᠤᠨ ᠡᠳᠦᠷ ᠵᠢᠴᠢ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠰᠢᠷᠢᠰ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2025/5/26
          ᠨᠠᠮ ᠤᠨ ᠪᠠᠶᠢᠭᠤᠯᠤᠯᠲᠠ ᠪᠠᠷ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠳᠤ ᠴᠢᠳᠠᠮᠵᠢ ᠣᠯᠭᠤᠬᠤ ᠦᠢᠯᠡᠴᠢᠯᠡᠭᠡᠨ ᠤ ᠦᠷ᠎ᠡ ᠪᠦᠲᠦᠮᠵᠢ ᠶᠢ ᠴᠢᠩᠭᠠᠳᠬᠠᠬᠤ ᠶᠢᠨ ᠲᠥᠯᠥᠭᠡ᠂5 ᠰᠠᠷ᠎ᠠ ᠶᠢᠨ 26 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ᠂ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤᠨ ᠤ ᠲᠠᠷᠭᠤᠨᠨᠠᠭᠤᠷ ᠭᠠᠴᠠᠭᠠᠨ ᠳᠤ ᠰᠠᠭᠤᠭ᠎ᠠ ᠺᠠᠳ᠋ᠷ᠂ ᠭᠠᠴᠠᠭᠠᠨ ᠤ ᠨᠢᠭᠡᠳᠦᠭᠡᠷ ᠱᠦᠵᠢ ᠲᠠᠢ ᠬᠤᠯᠪᠤᠭᠠᠯᠠᠨ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠵᠢᠴᠢ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠪᠣᠯᠣᠨ ᠪᠣᠳᠠᠲᠤ ᠬᠡᠷᠡᠭᠯᠡᠭᠡᠨ ᠤ ᠮᠡᠳᠡᠯᠭᠡ ᠶᠢ ᠮᠠᠯᠴᠢᠳ ᠲᠤ ᠤᠬᠠᠭᠤᠯᠵᠠᠢ᠃
20250526-2-1.png
          ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠨᠠᠮ ᠤᠨ ᠭᠡᠰᠢᠭᠦᠨ ᠺᠠᠳ᠋ᠷᠴᠤᠳ︽ᠲᠦᠷᠦ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠭᠴᠢ︾ᠪᠣᠯᠵᠤ᠂ ᠵᠣᠭᠤᠭ ᠳᠡᠯᠭᠡᠬᠦ ᠬᠡᠯᠪᠡᠷᠢ ᠪᠠᠷ ᠮᠠᠯᠴᠢᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠦᠨᠳᠦᠰᠦᠲᠡᠨ ᠤ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ᠂ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠤᠨ ᠭᠤᠣᠯᠳᠠᠯᠭ᠎ᠠ ᠲᠠᠢ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠪᠦᠬᠦ ᠲᠠᠯ᠎ᠠ ᠪᠠᠷ ᠤᠬᠠᠭᠤᠯᠤᠨ ᠲᠠᠶᠢᠯᠪᠤᠷᠢᠯᠠᠪᠠ᠃ ᠮᠠᠯᠴᠢᠳ ᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠮᠡᠳᠡᠭᠳᠡᠬᠦ ᠺᠠᠷᠲ︾ ︽ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠭᠠᠷ ᠳᠡᠪᠲᠡᠷ︾ ᠢ ᠲᠠᠷᠬᠠᠭᠠᠵᠤ᠂ ᠲᠠᠷᠢᠶᠠᠯᠠᠩ ᠤᠨ ᠮᠠᠰᠢᠨ ᠮᠧᠬᠠᠨᠢᠭ ᠤᠨ ᠬᠠᠮᠢᠶ᠎ᠠ ᠪᠦᠬᠦᠢ ᠳᠦᠷᠢᠮ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠬᠢᠭᠡᠳ ᠬᠠᠤᠯᠢ ᠲᠦᠭᠡᠮᠡᠯᠵᠢᠭᠦᠯᠬᠦ ᠮᠡᠳᠡᠯᠭᠡ ᠵᠢᠴᠢ ︽ᠵᠢᠷᠭᠤᠭᠠᠨ ᠶᠠᠮᠤᠨ ᠤ ᠠᠬᠢᠭᠤᠯᠬᠤ ᠳᠦᠷᠢᠮ︾ ᠵᠡᠷᠭᠡ ᠮᠠᠲ᠋ᠧᠷᠢᠶᠠᠯ ᠢ ᠲᠦᠭᠡᠮᠡᠯᠵᠢᠭᠦᠯᠬᠦ ᠶᠢᠨ ᠬᠠᠮᠲᠤ᠂ ᠣᠨᠴᠠᠭᠠᠶᠢᠯᠠᠨ ᠮᠠᠯᠵᠢᠬᠤ ᠣᠷᠣᠨ ᠤ ᠦᠢᠯᠡᠳᠪᠦᠷᠢᠯᠡᠯ ᠤᠨ ᠪᠣᠳᠠᠲᠤ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠤᠬᠠᠭᠤᠯᠭ᠎ᠠ ᠶᠢᠨ ᠭᠤᠣᠯᠳᠠᠯᠭ᠎ᠠ ᠪᠣᠯᠭᠠᠵᠠᠢ᠃ ᠠᠵᠢᠯᠲᠠᠳ ᠬᠡᠷᠡᠭ ᠤᠨ ᠵᠢᠱᠢᠶ᠎ᠡ ᠶᠢ ᠵᠠᠳᠠᠯᠤᠨ ᠰᠢᠨᠵᠢᠯᠡᠬᠦ ᠪᠠᠷ ᠳᠠᠮᠵᠢᠭᠤᠯᠤᠨ᠂ ᠦᠷᠭᠦᠯᠵᠢ ᠲᠣᠬᠢᠶᠠᠯᠳᠤᠳᠠᠭ ᠮᠠᠯ ᠤᠨ ᠬᠢᠵᠢᠭ ᠡᠪᠡᠳᠴᠢᠨ ᠤ ᠪᠠᠶᠢᠳᠠᠯ ᠢ ᠢᠯᠭᠠᠨ ᠲᠠᠨᠢᠬᠤ᠂ ᠡᠳᠦᠷ ᠲᠤᠲᠤᠮ ᠤᠨ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ᠂ ᠰᠢᠨᠵᠢᠯᠡᠬᠦ ᠤᠬᠠᠭᠠᠨᠴᠢ ᠡᠭᠡᠯᠢᠯᠡᠭᠡ ᠶᠢᠨ ᠶᠠᠪᠤᠴᠠ ᠵᠢᠴᠢ ᠭᠡᠨᠡᠳᠲᠡ ᠶᠢᠨ ᠬᠢᠵᠢᠭ ᠡᠪᠡᠳᠴᠢᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠪᠤᠷᠢᠯᠠᠬᠤ ᠶᠢᠨ ᠬᠠᠮᠲᠤ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠮᠡᠷᠭᠡᠵᠢᠯ ᠤᠨ ᠭᠠᠷ ᠳᠡᠪᠲᠡᠷ ᠢ ᠲᠤᠬᠠᠢ ᠶᠢᠨ ᠲᠠᠯᠠᠪᠤᠷ ᠲᠤᠨᠢ ᠲᠠᠷᠬᠠᠭᠠᠵᠤ᠂ ᠮᠠᠯᠴᠢᠳ ᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠶᠠᠪᠤᠴᠠ ᠳᠤ ᠲᠣᠬᠢᠶᠠᠯᠳᠤᠭᠰᠠᠨ ᠬᠦᠴᠢᠷ ᠲᠦᠪᠡᠭᠲᠡᠢ ᠠᠰᠠᠭᠤᠳᠠᠯ ᠳᠤ ᠴᠢᠭᠯᠡᠭᠦᠯᠦᠨ ᠨᠢᠭᠡ ᠨᠢᠭᠡ ᠪᠠᠷ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ ᠥᠭᠴᠡᠢ᠃
20250526-2-2.png
20250526-2-3.png
20250526-2-4.png
          ᠲᠣᠰ ᠤᠳᠠᠭᠠᠨ ᠤ ᠠᠵᠢᠯᠯᠠᠭ᠎ᠠ ᠨᠢ ᠨᠠᠮ ᠤᠨ ᠪᠠᠶᠢᠭᠤᠯᠤᠯᠲᠠ ᠪᠠᠷ ᠵᠢᠯᠣᠭᠤᠳᠤᠯᠭ᠎ᠠ ᠪᠣᠯᠭᠠᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠴᠢᠯᠡᠭᠡ ᠬᠢᠭᠡᠳ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢᠨ ᠲᠦᠭᠡᠮᠡᠯᠵᠢᠯᠲᠡ ᠶᠢ ᠰᠢᠨ᠎ᠡ ᠶᠢ ᠡᠭᠦᠳᠦᠨ ᠠᠭᠤᠰᠤᠯᠴᠠᠭᠤᠯᠤᠭᠰᠠᠨ ᠪᠠᠶᠢᠨ᠎ᠠ᠂ ᠡᠨᠡ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠬᠦ ᠠᠮᠢᠳᠤᠯᠢᠭ ᠦᠢᠯᠡᠳᠦᠯᠭᠡ ᠪᠣᠯᠬᠤ ᠪᠠᠷ ᠪᠠᠷᠠᠬᠤ ᠦᠭᠡᠢ ᠪᠠᠰᠠ ᠴᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠣᠯᠬᠤ ᠶᠤᠮ᠃ ᠠᠵᠢᠯᠯᠠᠭ᠎ᠠ ᠨᠢ ᠮᠠᠯᠴᠢᠳ ᠤᠨ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠢ ᠣᠶᠢᠯᠠᠭᠠᠬᠤ ᠨᠤᠷᠮ᠎ᠠ ᠶᠢ ᠪᠦᠲᠦᠮᠵᠢᠲᠡᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠪᠠ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ