5 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠭᠦ ᠬᠥᠮᠦᠵᠢᠯ ᠤᠨ ᠬᠤᠷᠠᠯ ᠭᠦᠭᠡᠬᠤᠲᠠ ᠳᠤ ᠬᠤᠷᠠᠯᠳᠤᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠰᠠᠬᠢᠯᠭ᠎ᠠ ᠪᠠᠲᠤ ᠰᠤᠷᠲᠠᠯ ᠤᠨ ᠨᠠᠮ ᠤᠨ ᠬᠢᠴᠢᠶᠡᠯ ᠣᠷᠣᠪᠠ᠃ | | | | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ | ᠵᠥᠪᠯᠡᠯᠭᠡᠨ ᠤ ᠤᠳᠤᠷᠢᠳᠬᠤ ᠨᠥᠬᠦᠳ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠳᠠᠷᠤᠭ᠎ᠠ᠂ ᠮᠤᠵᠢ ᠶᠢᠨ ᠲᠠᠰ ᠤᠨ ᠬᠡᠰᠡᠭ ᠠᠵᠢᠯ ᠠᠴᠠ ᠪᠠᠨ ᠠᠮᠠᠷᠠᠭᠰᠠᠨ | ᠠᠬᠠᠮᠠᠳ ᠨᠥᠬᠦᠳ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠱᠦᠵᠢ ᠯᠢᠦ ᠱᠤᠸᠠᠩ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠠᠰᠠᠭᠤᠳᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ | ᠵᠠᠷᠯᠠᠨ ᠮᠡᠳᠡᠭᠳᠡᠪᠡ᠃ | ᠰᠦᠨ ᠱᠤᠤ ᠴᠧᠩ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ | ᠵᠢᠴᠢ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠪᠠ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠳᠤ ᠳᠤᠷᠠᠳᠤᠭᠰᠠᠨ ᠰᠤᠷᠲᠠᠯ ᠤᠨ ᠪᠠᠶᠢᠭᠤᠯᠤᠯᠲᠠ ᠶᠢᠨ | ᠲᠤᠬᠠᠢ ᠴᠢᠬᠤᠯᠠ ᠱᠠᠭᠠᠷᠳᠠᠯᠭ᠎ᠠ ᠶᠢ ᠳᠠᠭᠢᠨ ᠡᠷᠭᠢᠴᠡᠭᠦᠯᠪᠡ᠃ ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ | ᠪᠣᠯᠣᠨ ᠨᠠᠮ ᠤᠨ ᠲᠥᠪ ᠬᠤᠷᠢᠶ᠎ᠠ ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ ᠨᠠᠶᠢᠳᠠᠪᠤᠷᠢᠵᠢᠭᠤᠯᠬᠤ ᠠᠴᠠ ᠡᠬᠢᠯᠡᠨ ᠠᠰᠠᠭᠤᠳᠠᠯ ᠢ ᠰᠢᠢᠳᠪᠦᠷᠢᠯᠡᠵᠦ᠂ | ᠰᠤᠷᠲᠠᠯ ᠤᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠨᠡᠶᠢᠭᠡᠮ ᠤᠨ ᠰᠤᠷᠲᠠᠯ ᠴᠣ ᠰᠢᠨ᠎ᠡ ᠪᠠᠶᠢᠳᠠᠯ ᠲᠠᠢ ᠪᠣᠯᠵᠤ᠂ ᠨᠠᠮ ᠤᠨ | ᠰᠡᠳᠬᠢᠯ ᠴᠡᠷᠢᠭ ᠤᠨ ᠰᠡᠳᠬᠢᠯ ᠠᠷᠠᠳ ᠤᠨ ᠰᠡᠳᠬᠢᠯ ᠳᠡᠭᠡᠳᠦ ᠬᠡᠮᠵᠢᠶ᠎ᠡ ᠪᠠᠷ ᠨᠢᠭᠲᠠᠷᠠᠵᠤ᠂ ᠨᠠᠢᠮᠠᠨ ᠲᠣᠭᠲᠠᠭᠠᠯ ᠨᠢ ᠨᠢᠭᠡᠨᠲᠡ ᠰᠢᠨ᠎ᠡ ᠴᠠᠭ ᠦᠶ᠎ᠡ ᠶᠢᠨ ᠨᠠᠮ ᠢ | ᠬᠠᠮᠢᠶᠠᠷᠴᠤ ᠨᠠᠮ ᠢ ᠵᠠᠰᠠᠬᠤ ︽ᠰᠢᠵᠢᠷ ᠠᠯᠲᠠᠨ ᠨᠡᠷ᠎ᠡ ᠶᠢᠨ ᠬᠠᠭᠤᠳᠠᠰᠤ︾ ᠪᠣᠯᠵᠠᠢ᠃ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠳᠠᠭᠠᠨ ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ ᠶᠢᠨ ᠭᠦᠨᠵᠡᠭᠡᠢ ᠠᠭᠤᠯᠬᠤᠨ ᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠪᠡ᠂ ᠪᠢᠳᠡ ᠡᠷᠬᠡᠪᠰᠢ | ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ᠂ ᠨᠠᠩ ᠪᠣᠳᠠᠲᠠᠢ ᠠᠷᠭ᠎ᠠ ᠬᠡᠮᠵᠢᠶ᠎ᠡ ᠪᠠᠷ ᠰᠤᠷᠤᠯᠴᠠᠨ ᠣᠶᠢᠯᠠᠭᠠᠬᠤ ᠪᠠ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠭᠡᠪᠡ᠃ | ᠳᠠᠷᠠᠭ᠎ᠠ ᠨᠢ᠂ ᠰᠦᠨ ᠱᠤᠤ ᠴᠧᠩ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠡᠶ᠎ᠡ | ᠴᠣᠭᠴᠠᠰ ᠤᠨ ᠡᠷᠡᠭᠦᠯ ᠮᠡᠨᠳᠦ ᠪᠠ ᠨᠠᠮ ᠤᠨ ᠭᠡᠰᠢᠭᠦᠨ ᠺᠠᠳ᠋ᠷ ᠤᠨ ︽ᠪᠡᠶ᠎ᠡ ᠮᠠᠬᠠᠪᠤᠳ︾ ᠤᠨ ᠡᠷᠡᠭᠦᠯ ᠮᠡᠨᠳᠦ ᠶᠢ ᠬᠠᠮᠠᠭᠠᠯᠠᠬᠤ ᠶᠢᠨ ᠲᠣᠭᠤᠷᠢᠨ ᠳᠤ ᠱᠠᠭᠠᠷᠳᠠᠯᠭ᠎ᠠ | ᠳᠤᠷᠠᠳᠴᠠᠢ᠃ ᠲᠡᠷᠡ᠂ ᠡᠷᠡᠭᠦᠯ ᠮᠡᠨᠳᠦ ᠪᠠᠶᠢᠬᠤ ᠶᠢ ᠪᠠᠲᠤᠯᠠᠬᠤ ᠳᠤ ᠡᠷᠬᠡᠪᠰᠢ ᠥᠩᠭᠡᠨ ᠲᠠᠯ᠎ᠠ ᠪᠠ ᠦᠨᠳᠦᠰᠦᠨ ᠠᠴᠠ ᠨᠢ ᠵᠡᠷᠭᠡ ᠪᠠᠷ ᠵᠠᠰᠠᠵᠤ᠂ ᠰᠢᠰᠲ᠋ᠧᠮ ᠲᠠᠢ | ᠵᠣᠬᠢᠴᠠᠭᠤᠯᠤᠨ ᠲᠣᠬᠢᠷᠠᠭᠤᠯᠵᠤ᠂ ᠣᠷᠣᠢ ᠠᠴᠠ ᠨᠢ ᠤᠯᠠ ᠳᠤᠨᠢ ᠲᠤᠯᠲᠠᠯ᠎ᠠ ᠡᠪᠡᠳᠴᠢᠨ ᠢ ᠨᠢ ᠠᠷᠢᠯᠭᠠᠵᠤ ᠪᠡᠶ᠎ᠡ ᠶᠢ ᠨᠢ ᠴᠢᠭᠢᠷᠠᠭᠵᠢᠭᠤᠯᠬᠤ ᠬᠡᠷᠡᠭᠲᠡᠢ᠃ ᠨᠢᠭᠡ ᠳᠤ᠂ | ᠲᠠᠷᠢᠬᠢ ᠲᠣᠯᠣᠭᠠᠢ ᠪᠠᠨ ᠪᠠᠶᠢᠩᠭᠤ ᠴᠢᠭᠢᠷᠠᠭ ᠪᠠᠶᠢᠯᠭᠠᠵᠤ᠂ ᠰᠢᠨᠵᠢᠯᠡᠬᠦ ᠤᠬᠠᠭᠠᠨᠴᠢ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠬᠦ ᠶᠢ ᠪᠠᠷᠢᠮᠲᠠᠯᠠᠵᠤ᠂ ︽ᠲᠠᠷᠢᠬᠢ | ᠲᠣᠯᠣᠭᠠᠢ ᠳᠤ ᠭᠠᠵᠢᠭᠤ ᠪᠤᠷᠤᠭᠤ ᠪᠤᠳᠤᠯ ᠣᠷᠣᠬᠤ︾ ᠠᠴᠠ ᠪᠣᠯᠵᠤ ︽ᠰᠤᠷᠲᠠᠯ ᠤᠨ ᠲᠠᠯ᠎ᠠ ᠪᠠᠷ ᠠᠰᠠᠭᠤᠳᠠᠯ ᠭᠠᠷᠬᠤ︾ ᠠᠴᠠ ᠰᠡᠷᠭᠡᠶᠢᠯᠡᠬᠦ ᠬᠡᠷᠡᠭᠲᠡᠢ᠃ ᠬᠤᠶᠠᠷ ᠲᠤ᠂ | ᠰᠡᠳᠬᠢᠯ ᠢᠶᠠᠨ ᠵᠠᠰᠠᠬᠤ ᠶᠢ ᠪᠠᠶᠢᠩᠭᠤ ᠬᠢᠴᠢᠶᠡᠵᠦ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠤᠯᠭᠠᠵᠤ᠂ ᠤᠭ | ᠰᠠᠨᠠᠭ᠎ᠠ ᠪᠠᠨ ᠦᠯᠦ ᠮᠠᠷᠲᠠᠨ᠂ ᠰᠡᠳᠬᠢᠯ ᠢᠶᠠᠷ ᠢᠶᠠᠨ ᠰᠡᠳᠬᠢᠯ ᠢ ᠰᠣᠯᠢᠵᠤ᠂ ᠤᠯᠠᠨ ᠲᠦᠮᠡᠨ ᠤ ᠪᠠᠶᠢᠷᠢ ᠳᠤ ᠵᠣᠭᠰᠣᠵᠤ ᠲᠡᠳᠡᠨ ᠤ ᠪᠤᠳᠤᠵᠥ ᠪᠠᠶᠢᠭ᠎ᠠ ᠵᠦᠢᠯ ᠢ | ᠪᠤᠳᠤᠵᠥ᠂ ᠤᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠬᠤ ᠬᠡᠷᠡᠭᠲᠡᠢ᠃ ᠭᠤᠷᠪᠠ ᠳᠤ᠂ ᠠᠮᠠ ᠪᠠᠨ ᠰᠠᠶᠢᠲᠤᠷ ᠬᠠᠮᠢᠶᠠᠷᠴᠤ᠂ ᠲᠣᠭᠲᠠᠭᠠᠯ ᠠᠴᠠ | ᠵᠥᠷᠢᠴᠡᠨ ᠢᠳᠡᠵᠦ ᠤᠤᠭᠤᠬᠤ ᠶᠢ ᠡᠷᠡᠰ ᠲᠡᠪᠴᠢᠵᠦ᠂ ᠶᠠᠭᠠᠬᠢᠭᠰᠠᠨ ᠴᠤ ︽ᠬᠥᠮᠥᠨ ᠤ ᠶᠠᠭᠤᠮ᠎ᠠ ᠶᠢ ᠢᠳᠡᠭᠰᠡᠨ ᠬᠥᠮᠥᠨ ᠤ ᠬᠤᠩᠰᠢᠶᠠᠷ ᠨᠢ ᠵᠥᠭᠡᠯᠡᠨ︾ ᠪᠠᠶᠢᠬᠤ | ᠳᠤᠮᠳᠠ ᠥᠪᠡᠷ ᠢ ᠪᠠᠨ ᠲᠥᠭᠡᠷᠢᠭᠳᠡᠭᠦᠯᠵᠦ᠂ ᠬᠤᠷᠢᠭ᠎ᠠ ᠱᠤᠭᠤᠮ ᠢᠶᠠᠨ ᠠᠯᠳᠠᠵᠤ ᠪᠤᠯᠬᠤ ᠦᠭᠡᠢ᠃ ᠳᠥᠷᠪᠡ ᠳᠤ᠂ ᠭᠠᠷ ᠢᠶᠠᠨ ᠲᠠᠲᠠᠵᠤ᠂ ᠨᠠᠶᠢᠷ ᠲᠠᠯ᠎ᠠ᠂ ᠬᠠᠷᠢᠯᠴᠠᠭ᠎ᠠ | ᠶᠠᠪᠤᠯᠴᠠᠭᠠᠨ ᠤ ᠪᠣᠭᠤᠮᠲᠠ ᠶᠢ ᠰᠠᠶᠢᠲᠤᠷ ᠰᠠᠬᠢᠬᠤ ᠬᠡᠷᠡᠭᠲᠡᠢ᠂ ᠶᠠᠭᠠᠬᠢᠭᠰᠠᠨ ᠴᠤ ᠬᠠᠷᠢᠯᠴᠠᠨ ᠶᠠᠪᠤᠯᠴᠠᠬᠤ ᠳᠤᠮᠳᠠ ︽ᠥᠴᠥᠬᠡᠨ ᠰᠡᠳᠬᠢᠯ︾ ᠭᠦᠢᠴᠡᠳᠬᠡᠬᠦ ᠠᠴᠠ | ᠪᠣᠯᠵᠤ ︽ᠭᠦᠨ ᠨᠦᠭᠡᠨ︾ ᠳᠤ ᠤᠨᠠᠵᠤ ᠪᠤᠯᠬᠤ ᠦᠭᠡᠢ᠃ ᠲᠠᠯᠪᠢᠬᠤ ᠶᠣᠰᠣᠲᠠᠢ ᠡᠷᠬᠡ ᠶᠢ ᠳᠣᠷᠣᠭᠰᠢ ᠲᠠᠯᠪᠢᠵᠤ᠂ ᠢᠯᠡ ᠪᠤᠯᠭᠠᠬᠤ ᠶᠣᠰᠣᠲᠠᠢ ᠤᠴᠢᠷ ᠶᠠᠪᠤᠳᠠᠯ ᠢ | ᠢᠯᠡ ᠪᠤᠯᠭᠠᠵᠤ᠂ ︽ᠶᠠᠭᠤᠮ᠎ᠠ ᠬᠦᠷᠭᠡᠬᠦ ᠪᠤᠳᠤᠯ ᠲᠠᠢ ᠬᠥᠮᠥᠨ︾ ᠢ ᠬᠦᠷᠭᠡᠬᠦ ᠵᠣᠷᠢᠭ ᠦᠭᠡᠢ ᠪᠤᠯᠭᠠᠵᠤ᠂ ︽ᠠᠪᠬᠤ ᠬᠥᠮᠥᠨ︾ ᠢ ᠭᠠᠷ ᠰᠤᠩᠭᠠᠬᠤ ᠲᠣᠭᠢᠶᠠᠯ ᠦᠭᠡᠢ | ᠪᠤᠯᠭᠠᠬᠤ ᠬᠡᠷᠡᠭᠲᠡᠢ᠃ ᠲᠠᠪᠤ ᠳᠤ᠂ ᠡᠯᠳᠡᠪ ᠤᠨ ᠡᠮᠢᠶᠡᠯ ᠰᠠᠨᠠᠭᠠᠰᠢᠷᠠᠯ ᠢ ᠲᠡᠪᠴᠢᠨ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠭᠦᠢᠴᠡᠳᠬᠡᠵᠦ᠂ ᠮᠣᠩᠭᠤᠯ ᠮᠣᠷᠢ ᠰᠢᠭ᠋ | ᠴᠤᠴᠠᠯᠲᠠ ᠦᠭᠡᠢ ᠲᠡᠮᠡᠦᠯᠵᠦ᠂ ᠨᠣᠮᠣᠬᠠᠨ ᠱᠠᠷ ᠰᠢᠭ᠋ ᠰᠢᠷᠭᠠᠭᠤ ᠬᠠᠲᠠᠭᠤᠵᠢᠯᠲᠠᠢ ᠠᠵᠢᠯᠯᠠᠬᠤ ᠬᠡᠷᠡᠭᠲᠡᠢ ᠭᠡᠪᠡ᠃ | ᠰᠦᠨ ᠱᠤᠤ ᠴᠧᠩ᠂ ︽ᠪᠡᠶ᠎ᠡ ᠮᠠᠬᠠᠪᠤᠳ︾ ᠤᠨ ᠡᠷᠡᠭᠦᠯ ᠮᠡᠨᠳᠦ ᠶᠢ ᠪᠠᠲᠤᠯᠠᠬᠤ ᠳᠤ ᠪᠠᠰᠠ ︽ᠭᠡᠷ ᠪᠦᠯᠢ ᠶᠢᠨ ᠡᠷᠡᠭᠦᠯ ᠬᠠᠮᠠᠭᠠᠯᠠᠯ︾ ᠢ ᠰᠠᠶᠢᠲᠤᠷ | ᠬᠠᠮᠢᠶᠠᠷᠴᠤ᠂ ᠭᠡᠷ ᠤᠨ ᠬᠥᠮᠥᠰ ᠢᠶᠠᠨ ᠴᠢᠩᠭ᠎ᠠ ᠱᠠᠭᠠᠷᠳᠠᠬᠤ ᠬᠡᠷᠡᠭᠲᠡᠢ᠃ ︽ᠳᠡᠷᠭᠡᠳᠡᠬᠢ ᠣᠷᠴᠢᠨ ᠲᠣᠭᠤᠷᠢᠨ︾ ᠢᠶᠠᠨ ᠰᠠᠶᠢᠲᠤᠷ ᠪᠠᠲᠤᠯᠠᠵᠤ᠂ ᠳᠡᠷᠭᠡᠳᠡᠬᠢ ᠠᠵᠢᠯᠲᠠᠨ ᠤ | ᠬᠥᠮᠦᠵᠢᠯ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ︽ᠭᠠᠳᠠᠨ᠎ᠠ ᠠᠴᠠ ᠢᠷᠡᠬᠦ ᠸᠢᠷᠦ᠋ᠰ︾ ᠢ ᠰᠠᠶᠢᠲᠤᠷ ᠲᠤᠰᠠᠭᠠᠷᠯᠠᠵᠤ᠂ ᠨᠡᠶᠢᠭᠡᠮ ᠤᠨ ᠬᠠᠷᠢᠯᠴᠠᠭᠠᠨ ᠤ | ᠲᠣᠭᠤᠷᠢᠭ᠂ ᠠᠮᠢᠳᠤᠷᠠᠯ ᠤᠨ ᠲᠣᠭᠤᠷᠢᠭ᠂ ᠨᠠᠶᠢᠵᠠ ᠶᠢᠨ ᠲᠣᠭᠤᠷᠢᠭ ᠢᠶᠠᠨ ᠲᠠᠰᠤᠷᠠᠯᠳᠠ ᠦᠭᠡᠢ ᠴᠡᠪᠡᠷᠰᠢᠭᠦᠯᠬᠦ ᠬᠡᠷᠡᠭᠲᠡᠢ᠃ ︽ᠤᠯᠠᠨ ᠨᠡᠶᠢᠲᠡ ᠶᠢᠨ ᠡᠷᠡᠭᠦᠯ ᠬᠠᠮᠠᠭᠠᠯᠠᠯ︾ | ᠢ ᠰᠠᠶᠢᠲᠤᠷ ᠬᠠᠮᠠᠭᠠᠯᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠣᠯᠣᠨ | ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ ᠭᠦᠢᠴᠡᠳᠬᠡᠵᠦ᠂ ᠥᠪᠡᠷ ᠤᠨ ︽ᠬᠠᠷᠢᠭᠤᠴᠠᠯᠭ᠎ᠠ ᠶᠢᠨ ᠣᠷᠣᠨ︾ ᠢᠶᠠᠨ ᠰᠠᠶᠢᠲᠤᠷ | ᠬᠠᠮᠢᠶᠠᠷᠴᠤ ᠬᠠᠮᠠᠭᠠᠯᠠᠬᠤ ᠬᠡᠷᠡᠭᠲᠡᠢ᠃ ︽ᠪᠡᠶ᠎ᠡ ᠶᠢᠨ ᠪᠠᠶᠢᠴᠠᠭᠠᠯᠲᠠ︾ ᠶᠢ ᠨᠠᠷᠢᠨ ᠬᠢᠨᠠᠮᠠᠭᠠᠢ ᠰᠠᠶᠢᠲᠤᠷ ᠬᠢᠵᠦ᠂ ᠦᠷᠭᠦᠯᠵᠢ ᠰᠠᠬᠢᠯᠭ᠎ᠠ ᠪᠠᠲᠤ ᠶᠣᠰᠣ ᠳᠦᠷᠢᠮ ᠤᠨ | ︽ᠬᠠᠲᠠᠭᠤ ᠵᠢᠭᠠᠯᠲᠠ ᠲᠤᠭ᠎ᠠ︾ ᠪᠠᠷ ᠥᠪᠡᠷ ᠢ ᠪᠠᠨ ᠰᠢᠷᠪᠢᠵᠦ᠂ ᠳᠡᠷᠭᠡᠳᠡᠬᠢ ᠡᠰᠡᠷᠭᠦ ᠲᠠᠯ᠎ᠠ ᠶᠢᠨ ᠨᠡᠶᠢᠲᠡᠯᠢᠭ ︽ᠠᠮᠢᠳᠤ ᠵᠢᠭᠠᠬᠤ ᠮᠠᠲ᠋ᠧᠷᠢᠶᠠᠯ︾ ᠲᠠᠢ ᠬᠠᠷᠭᠤᠭᠤᠯᠤᠨ | ᠥᠪᠡᠷ ᠢ ᠪᠠᠨ ᠪᠠᠶᠢᠴᠠᠭᠠᠨ ᠦᠵᠡᠵᠦ᠂ ᠲᠣᠰ ᠪᠡᠶ᠎ᠡ ᠶᠢᠨ ︽ᠡᠷᠡᠭᠦᠯ ᠮᠡᠨᠳᠦ ᠶᠢᠨ ᠵᠢᠭᠠᠯᠲᠠ ᠲᠤᠭ᠎ᠠ︾ ᠪᠠᠨ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠪᠡ᠃ | ᠬᠤᠷᠠᠯ ᠳᠤ ᠣᠷᠣᠯᠴᠠᠭᠰᠠᠳ ᠬᠠᠮᠲᠤ ᠪᠠᠷ ︽ᠳᠡᠯᠭᠡᠴᠡ ᠶᠢᠨ ᠨᠠᠭᠠᠨ᠎ᠠ ᠴᠠᠭᠠᠨ᠎ᠠ︾ ᠭᠡᠬᠦ ᠰᠡᠷᠡᠮᠵᠢᠯᠡᠭᠦᠯᠭᠦ ᠬᠥᠮᠦᠵᠢᠯ ᠤᠨ ᠹᠢᠯᠢᠮ ᠢ ᠰᠣᠨᠢᠷᠬᠠᠪᠠ᠃ | ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ ᠪᠣᠯᠣᠨ ᠮᠠᠨᠵᠤᠤᠷ ᠬᠤᠳᠠ᠂ ᠡᠷᠢᠶᠡᠨ ᠬᠤᠳᠠ ᠳᠤ ᠬᠤᠪᠢᠶᠠᠷᠢ ᠬᠤᠷᠠᠯ ᠤᠨ ᠲᠠᠯᠠᠪᠠᠢ | ᠲᠣᠬᠢᠷᠠᠭᠤᠯᠪᠠ᠃ | | |