5 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠪᠠᠢ ᠳ᠋ᠦ᠋ ᠣᠶᠤᠨᠲᠤ ᠡᠭᠦᠯᠡᠨ ᠠᠵᠤ ᠦᠢᠯᠡᠰ ᠤᠨ | ᠰᠠᠭᠤᠷᠢᠨ᠂ ᠴᠤᠤᠷᠢᠶ᠎ᠠ ᠪᠦᠯᠦᠭᠯᠡᠯ ︵ᠭᠦᠭᠡᠬᠤᠲᠠ︶ ᠤᠨAI ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠭᠠᠵᠠᠷ ᠲᠤ ᠪᠠᠶᠢᠴᠠᠭᠠᠨ ᠰᠤᠳᠤᠯᠵᠤ᠂ | ᠳ᠋ᠠᠶᠢᠲ᠋ᠠ ᠶᠢ ᠲᠣᠳᠣᠷᠬᠠᠶᠢᠯᠠᠨ ᠲᠡᠮᠳᠡᠭᠯᠡᠬᠦ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠭᠦᠨᠵᠡᠭᠡᠢ ᠣᠶᠢᠯᠠᠭᠠᠪᠠ᠃ | ᠬᠤᠸᠠᠩ ᡁᠢ ᠴᠢᠶᠠᠩ᠂ ᠮᠠᠨ ᠤ ᠣᠷᠣᠨ ᠤ ᠤᠯᠤᠰ ᠤᠨ ᠲᠣᠮᠣ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ᠂ ᠪᠦᠭᠦ ᠤᠯᠤᠰ ᠤᠨ ᠨᠢᠭᠡ | ᠴᠣᠭᠴᠠᠵᠢᠭᠰᠠᠨ ᠪᠣᠳᠣᠯᠲᠠ ᠶᠢᠨ ᠬᠦᠴᠦᠨ ᠤ ᠲᠣᠣᠷ ᠰᠦᠯᠵᠢᠶ᠎ᠡ ᠶᠢᠨ ᠬᠦᠢᠰᠦ ᠵᠠᠩᠭᠢᠯᠠᠭ᠎ᠠ ᠶᠢᠨ ᠴᠡᠭ ᠵᠡᠷᠭᠡ ᠳᠠᠪᠠᠭᠤᠯᠢᠭ ᠢ ᠰᠠᠶᠢᠲᠤᠷ ᠪᠠᠳᠠᠷᠠᠭᠤᠯᠵᠤ᠂ | ᠳ᠋ᠠᠶᠢᠲ᠋ᠠ ᠶᠢ ᠴᠤᠭᠯᠠᠭᠤᠯᠬᠤ᠂ ᠪᠤᠯᠪᠠᠰᠤᠷᠠᠭᠤᠯᠬᠤ᠂ ᠲᠣᠳᠣᠷᠬᠠᠶᠢᠯᠠᠨ ᠲᠡᠮᠳᠡᠭᠯᠡᠬᠦ᠂ ᠵᠠᠳᠠᠯᠤᠯᠲᠠ ᠬᠢᠬᠦ ᠵᠡᠷᠭᠡ ᠰᠢᠨ᠎ᠡ ᠠᠵᠤ ᠦᠢᠯᠡᠰ ᠢ ᠶᠡᠭᠡ ᠪᠠᠷ ᠬᠥᠭᠵᠢᠭᠦᠯᠵᠦ᠂ | ᠲᠣᠭᠠᠴᠢᠯᠠᠭᠰᠠᠨ ᠮᠡᠷᠭᠡᠵᠢᠯ ᠪᠠ ᠣᠶᠤᠨ ᠤ ᠮᠡᠷᠭᠡᠵᠢᠯ ᠤᠨ ᠠᠭᠤᠰᠤᠯᠴᠠᠯ᠂ ᠲᠣᠭᠠᠴᠢᠯᠠᠭᠰᠠᠨ ᠮᠡᠷᠭᠡᠵᠢᠯ ᠪᠠ ᠪᠣᠳᠠᠲᠤ ᠴᠣᠭᠴᠠ ᠶᠢᠨ ᠠᠵᠤ ᠠᠬᠤᠢ ᠶᠢᠨ | ᠠᠭᠤᠰᠤᠯᠴᠠᠯ ᠢ ᠠᠬᠢᠭᠤᠯᠵᠤ᠂ ᠵᠣᠬᠢᠶᠠᠮᠠᠯ ᠣᠶᠤᠨ ᠴᠢᠳᠠᠪᠤᠷᠢ᠂ ᠪᠣᠳᠣᠯᠲᠠ ᠶᠢᠨ ᠬᠦᠴᠦᠨ ᠤ ᠠᠵᠤ ᠦᠢᠯᠡᠰ ᠢ ᠲᠥᠪᠯᠡᠷᠡᠭᠦᠯᠦᠨ ᠬᠥᠭᠵᠢᠭᠦᠯᠬᠦ ᠶᠢ ᠠᠬᠢᠭᠤᠯᠬᠤ | ᠬᠡᠷᠡᠭᠲᠡᠢ᠃ ᠳ᠋ᠠᠶᠢᠲ᠋ᠠ ᠶᠢ ᠲᠣᠳᠣᠷᠬᠠᠶᠢᠯᠠᠨ ᠲᠡᠮᠳᠡᠭᠯᠡᠬᠦ ᠠᠵᠤ ᠦᠢᠯᠡᠰ ᠢ ᠬᠦᠴᠦᠯᠡᠨ ᠬᠥᠭᠵᠢᠭᠦᠯᠵᠦ᠂ ᠳ᠋ᠠᠶᠢᠲ᠋ᠠ ᠶᠢ ᠲᠣᠳᠣᠷᠬᠠᠶᠢᠯᠠᠨ ᠲᠡᠮᠳᠡᠭᠯᠡᠬᠦ ᠠᠵᠤ ᠦᠢᠯᠡᠰ ᠢ | ᠮᠠᠨ ᠤ ᠣᠷᠣᠨ ᠤ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠰᠢᠨ᠎ᠡ ︽ᠲᠤᠯᠬᠤ ᠴᠡᠭ︾ ᠪᠤᠯᠭᠠᠬᠤ ᠬᠡᠷᠡᠭᠲᠡᠢ᠃ ᠠᠵᠤ ᠠᠬᠤᠶᠢᠯᠠᠯ ᠢ | ᠲᠤᠰᠠᠯᠠᠬᠤ ᠠᠵᠢᠯᠯᠠᠭ᠎ᠠ ᠶᠢ ᠭᠦᠨᠵᠡᠭᠡᠢ ᠰᠠᠶᠢᠲᠤᠷ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠢᠶᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠳᠡᠮᠵᠢᠬᠦ ᠬᠠᠮ | ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠠᠵᠤ ᠦᠢᠯᠡᠰ ᠵᠢᠭᠠᠨ ᠰᠤᠷᠭᠠᠯᠲᠠ ᠶᠢᠨ ᠠᠭᠤᠰᠤᠯᠴᠠᠯ ᠢ ᠴᠢᠩᠭᠠᠳᠬᠠᠵᠤ᠂ ᠪᠦᠭᠦ ᠬᠡᠯᠬᠢᠶ᠎ᠡ ᠶᠢᠨ | ᠦᠢᠯᠡᠴᠢᠯᠡᠭᠡ ᠶᠢ ᠰᠠᠶᠢᠲᠤᠷ ᠬᠢᠵᠦ᠂ ᠰᠢᠨ᠎ᠡ ᠠᠵᠤ ᠠᠬᠤᠶᠢᠯᠠᠯ ᠢ ᠪᠣᠶᠢᠵᠢᠭᠤᠯᠵᠤ᠂ ᠰᠢᠨ᠎ᠡ ᠠᠵᠢᠯ ᠣᠯᠭᠤᠯᠲᠠ ᠶᠢ ᠡᠭᠦᠳᠬᠦ ᠬᠡᠷᠡᠭᠲᠡᠢ ᠭᠡᠪᠡ᠃ |