2025 ᠣᠨ ᠳᠤ᠂ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠢ ᠬᠡᠷᠡᠭᠵᠢᠭᠦᠯᠦᠭᠰᠡᠨ ᠠᠴᠠ ᠨᠠᠭᠠᠰᠢ᠂ ᠪᠥᠬᠦ | ᠣᠷᠣᠨ ᠤ ᠡᠯ᠎ᠡ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠠᠵᠢᠯ ᠣᠯᠭᠤᠯᠲᠠ ᠶᠢᠨ ᠪᠠᠶᠢᠳᠠᠯ | ᠡᠭᠦᠷᠭᠡ ᠶᠢᠨ ᠬᠡᠷᠡᠭᠴᠡᠭᠡ ᠱᠠᠭᠠᠷᠳᠠᠯᠭ᠎ᠠ ᠯᠤᠭ᠎ᠠ ᠨᠢᠭᠲᠠ ᠤᠶᠠᠯᠳᠤᠭᠤᠯᠤᠨ᠂ ᠲᠥᠷᠥ ᠶᠢᠨ ᠪᠣᠳᠣᠯᠭ᠎ᠠ ᠶᠢ ᠰᠢᠭᠤᠳ ᠬᠦᠷᠭᠡᠬᠦ᠂ ᠠᠵᠢᠯ ᠤᠨ ᠪᠠᠶᠢᠷᠢ ᠶᠢ ᠵᠣᠯᠭᠠᠭᠤᠯᠬᠤ᠂ | ᠬᠠᠩᠭᠠᠯᠭ᠎ᠠ ᠬᠡᠷᠡᠭᠴᠡᠭᠡ ᠶᠢ ᠵᠣᠬᠢᠴᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠳᠡᠰ ᠳᠠᠪᠬᠤᠷᠭ᠎ᠠ᠂ ᠣᠯᠠᠨ ᠠᠷᠭ᠎ᠠ ᠵᠠᠮ᠂ ᠣᠯᠠᠨ ᠣᠷᠣᠨ ᠪᠠᠶᠢᠷᠢ ᠲᠠᠢ | ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠥᠬᠦ ᠬᠦᠴᠦᠨ ᠢᠶᠠᠷ ᠢᠶᠠᠨ ᠪᠠᠶᠢᠭᠤᠯᠪᠠ᠃ ᠨᠢᠭᠡ ᠳᠤ᠂ ︽ᠰᠦᠯᠵᠢᠶᠡᠨ | ᠭᠠᠳᠠᠭᠤᠷᠬᠢ︾ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠠᠭᠤᠷᠢ ᠶᠢ ᠪᠠᠲᠤᠳᠬᠠᠪᠠ᠃ ︽ᠣᠯᠠᠨ ᠨᠡᠶᠢᠲᠡ ᠶᠢᠨ ᠠᠵᠢᠯ ᠣᠯᠭᠤᠯᠲᠠ ᠶᠢᠨ | ᠦᠢᠯᠡᠴᠢᠯᠡᠭᠡ ᠶᠢ ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠢᠵᠢ ᠪᠦᠷᠢᠳᠦᠭᠦᠯᠦᠨ ᠳᠠᠷᠤᠮᠠᠯᠯᠠᠨ ᠶᠠᠪᠤᠭᠤᠯᠵᠤ᠂ | ᠬᠥᠳᠡᠯᠮᠦᠷᠢ ᠶᠢᠨ ᠪᠠᠲᠤᠯᠠᠭ᠎ᠠ ᠶᠢᠨ ᠲᠤᠰᠠᠯᠠᠭᠴᠢ ᠶᠢ 1.13 ᠲᠦᠮᠡ ᠴᠢᠩᠭᠠᠳᠬᠠᠨ ᠲᠣᠬᠢᠷᠠᠭᠤᠯᠵᠤ᠂ ︽ᠡᠳᠦᠷ ᠤᠨ ᠬᠦᠴᠦ ᠶᠠᠪᠤᠭᠰᠠᠳ ᠤᠨ ᠵᠠᠬ᠎ᠠ ᠳᠡᠯᠭᠡᠭᠦᠷ + | ᠠᠵᠢᠯ ᠣᠯᠭᠤᠯᠲᠠ ᠶᠢᠨ ᠦᠢᠯᠡᠴᠢᠯᠡᠭᠡᠨ ᠤ ᠥᠷᠲᠡᠭᠡ︾ ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ ᠬᠥᠮᠥᠰ ᠤᠨ ᠨᠡᠭᠦᠳᠡᠯ ᠵᠣᠷᠴᠢᠯ ᠶᠡᠬᠡᠲᠡᠢ᠂ ᠡᠳᠦᠷ ᠤᠨ | ᠬᠦᠴᠦᠨ ᠶᠠᠪᠤᠭᠰᠠᠳ ᠣᠯᠠᠨᠲᠠᠢ᠂ ᠵᠠᠮ ᠬᠠᠷᠢᠯᠴᠠᠭ᠎ᠠ ᠳᠥᠭᠦᠮ ᠳᠥᠲᠡ ᠣᠷᠣᠨ ᠪᠦᠰᠡ ᠶᠢ ᠰᠣᠩᠭᠤᠨ ᠡᠳᠦᠷ ᠤᠨ ᠬᠦᠴᠦ ᠶᠠᠪᠤᠭᠰᠠᠳ ᠤᠨ ᠵᠠᠬ᠎ᠠ ᠳᠡᠯᠭᠡᠭᠦᠷ᠂ | ᠡᠳᠦᠷ ᠤᠨ ᠬᠦᠴᠦ ᠶᠠᠪᠤᠭᠰᠠᠳ ᠤᠨ ᠥᠷᠲᠡᠭᠡ ᠶᠢ 153 ᠪᠠᠶᠢᠭᠤᠯᠵᠤ᠂ ᠠᠵᠢᠯ ᠲᠥᠷᠥᠯ ᠤᠨ ᠠᠵᠤ ᠠᠬᠤᠶᠢᠯᠠᠯ ᠤᠨ ᠨᠡᠶᠢᠭᠡᠮᠯᠢᠭ᠂ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠲᠣᠮᠣ ᠬᠡᠪᠴᠢᠶᠡᠨ ᠤ ᠬᠤᠳᠠᠯᠳᠤᠭᠠᠨ ᠤ ᠲᠣᠭᠤᠷᠢᠭ ᠵᠡᠷᠭᠡ ᠳᠤ ᠲᠦᠰᠢᠭᠯᠡᠨ ︽ᠣᠶᠢᠷ᠎ᠠ ᠬᠠᠪᠢ︾ ᠳᠠᠬᠢ ᠠᠵᠢᠯ ᠣᠯᠭᠤᠯᠲᠠ ᠶᠢᠨ | ᠦᠢᠯᠡᠴᠢᠯᠡᠭᠡᠨ ᠤ ᠥᠷᠲᠡᠭᠡ ᠶᠢ 1052 ᠪᠠᠶᠢᠭᠤᠯᠪᠠ᠃ ︽ᠠᠵᠢᠯ ᠣᠯᠭᠤᠯᠲᠠ +︾ ᠦᠢᠯᠡᠴᠢᠯᠡᠭᠡᠨ ᠤ ᠬᠡᠪ ᠵᠠᠭᠪᠤᠷ ᠲᠤ ᠰᠢᠨ᠎ᠡ ᠶᠢ ᠡᠭᠦᠳᠴᠦ᠂ ᠠᠵᠢᠯᠲᠠᠨ ᠤᠷᠢᠵᠤ | ᠡᠯᠰᠡᠬᠦ ᠴᠤᠭᠯᠠᠭᠠᠨ ᠢ ᠬᠤᠳᠠᠯᠳᠤᠭᠠᠨ ᠤ ᠲᠠᠯᠠᠪᠤᠷ᠂ ᠰᠥᠨᠢ ᠶᠢᠨ ᠵᠠᠬ᠎ᠠ᠂ ᠥᠩᠭᠡᠲᠦ ᠳ᠋ᠧᠩ ᠤᠨ ᠦᠵᠡᠭᠦᠯᠭᠡ᠂ ᠰᠦᠮ᠎ᠡ ᠶᠢᠨ ᠴᠤᠭᠯᠠᠭᠠᠨ ᠵᠡᠷᠭᠡ ᠲᠠᠯᠠᠪᠤᠷ ᠭᠠᠵᠠᠷ ᠲᠤ | ᠶᠠᠪᠤᠭᠳᠠᠭᠤᠯᠵᠤ᠂ ᠦᠢᠯᠡᠴᠢᠯᠡᠭᠡᠨ ᠤ ︽ᠬᠠᠵᠠᠭᠤ ᠬᠠᠪᠢ ᠳᠤ︾ ︽ᠵᠣᠭᠰᠣᠯᠲᠠ ᠦᠭᠡᠢ ᠥᠷᠨᠢᠭᠦᠯᠵᠦ︾ ᠪᠠᠶᠢᠬᠤ ᠶᠢ ᠦᠨᠡᠨ ᠬᠦ ᠪᠠᠲᠤᠯᠠᠵᠤ᠂ ᠣᠶᠢᠷ᠎ᠠ ᠶᠢᠨ 3 ᠵᠢᠯ ᠳᠤ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ ᠠᠵᠢᠯᠲᠠᠨ ᠤᠷᠢᠵᠤ ᠡᠯᠰᠡᠬᠦ ᠴᠤᠭᠯᠠᠭᠠᠨ ᠢ ᠨᠡᠶᠢᠲᠡ 8834 ᠲᠠᠯᠠᠪᠤᠷ ᠥᠷᠨᠢᠭᠦᠯᠵᠦ᠂ 834 ᠲᠦᠮᠡᠨ | ᠤᠳᠠᠭ᠎ᠠ ᠠᠵᠢᠯ ᠤᠨ ᠪᠠᠶᠢᠷᠢ ᠬᠠᠩᠭᠠᠪᠠ᠃ ᠬᠤᠶᠠᠷ ᠲᠤ᠂ ︽ᠰᠦᠯᠵᠢᠶᠡᠨ ᠳᠡᠭᠡᠷᠡᠬᠢ︾ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠪᠠᠷ ᠠᠵᠢᠯ ᠣᠯᠭᠤᠬᠤ | ᠦᠢᠯᠡᠴᠢᠯᠡᠭᠡᠨ ᠤ ᠲᠠᠪᠴᠠᠩ ᠢ ᠪᠠᠶᠢᠭᠤᠯᠪᠠ᠃ ︽ᠥᠪᠥᠷ ᠮᠣᠩᠭᠤᠯ ᠤᠨ ᠠᠵᠢᠯ ᠣᠯᠭᠤᠯᠲᠠ︾ ᠠᠵᠢᠯ ᠡᠷᠢᠬᠦ ᠪᠠ ᠠᠵᠢᠯᠲᠠᠨ ᠤᠷᠢᠵᠤ ᠡᠯᠰᠡᠬᠦ ᠲᠠᠪᠴᠠᠩ ᠪᠣᠯᠣᠨ | ︽ᠮᠥᠩᠬᠡ ᠰᠤᠪᠠᠭ ᠤᠷᠢᠵᠤ ᠡᠯᠰᠡᠬᠦ︾ ᠵᠢᠵᠢᠭ ᠫᠷᠣᠭ᠍ᠷᠠᠮ ᠢ ᠰᠦᠯᠵᠢᠶᠡᠨ ᠳᠤ ᠭᠠᠷᠭᠠᠨ ᠠᠵᠢᠯᠯᠠᠭᠤᠯᠵᠤ᠂ ᠠᠷᠠᠳ ᠤᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠤᠳ ᠤᠨ ᠳ᠋ᠠᠶᠢᠲ᠋ᠠ ᠶᠢ ᠲᠥᠪᠯᠡᠷᠡᠭᠦᠯᠦᠨ᠂ ᠬᠤᠪᠢ ᠬᠥᠮᠥᠨ ᠤ ᠠᠵᠢᠯ ᠡᠷᠢᠬᠦ᠂ ᠠᠵᠤ | ᠠᠬᠤᠶᠢᠯᠠᠯ ᠤᠨ ᠤᠷᠢᠵᠤ ᠡᠯᠰᠡᠬᠦ᠂ ᠠᠵᠢᠯ ᠤᠨ ᠪᠠᠶᠢᠷᠢ ᠶᠢ ᠣᠶᠤᠨᠴᠢ ᠪᠠᠷ ᠳᠠᠮᠵᠢᠭᠤᠯᠬᠤ᠂ ᠰᠦᠯᠵᠢᠶ᠎ᠡ ᠪᠠᠷ ᠲᠤᠬᠠᠶᠢᠯᠠᠭᠰᠠᠨ ᠠᠵᠢᠯ ᠭᠤᠶᠤᠴᠢᠯᠠᠬᠤ ᠪᠠ ᠰᠦᠯᠵᠢᠶᠡᠨ | ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡ ᠬᠠᠩᠭᠠᠵᠤ᠂ ᠠᠵᠢᠯ ᠣᠯᠭᠤᠯᠲᠠ ᠶᠢᠨ E ᠭᠠᠵᠠᠷ ᠤᠨ ᠵᠢᠷᠤᠭ ᠵᠡᠷᠭᠡ ᠦᠢᠯᠡᠴᠢᠯᠡᠭᠡᠨ ᠤ ᠴᠢᠳᠠᠮᠵᠢ ᠶᠢ | ᠲᠣᠬᠢᠷᠠᠭᠤᠯᠤᠨ᠂ ᠡᠯ᠎ᠡ ᠲᠥᠷᠥᠯ ᠤᠨ ᠠᠵᠤ ᠠᠬᠤᠶᠢᠯᠠᠯ᠂ ᠪᠠᠶᠢᠭᠤᠯᠤᠮᠵᠢ ᠪᠠ ᠬᠥᠳᠡᠯᠮᠦᠷᠢᠴᠢᠳ ᠲᠤ ᠣᠨᠣᠴᠠᠲᠠᠢ ᠪᠠᠷ ᠢᠯᠭᠠᠨ ᠲᠠᠨᠢᠬᠤ᠂ ᠥᠨᠳᠥᠷ ᠪᠦᠲᠦᠮᠵᠢᠲᠡᠶ ᠪᠠᠷ | ᠵᠣᠯᠭᠠᠭᠤᠯᠬᠤ᠂ ᠣᠶᠤᠨᠴᠢ ᠪᠠᠷ ᠵᠣᠬᠢᠴᠠᠯᠳᠤᠭᠤᠯᠤᠭᠰᠠᠨ ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠵᠤ ᠪᠣᠢ᠃ ︽ᠠᠵᠢᠯ ᠣᠯᠭᠤᠯᠲᠠ ᠶᠢᠨ | ᠰᠠᠨᠰᠠᠷ ᠦᠷᠳᠡᠭᠡ︾ ᠶᠢ ᠭᠠᠷᠭᠠᠵᠤ᠂ ᠠᠵᠢᠯ ᠣᠯᠭᠤᠯᠲᠠ ᠶᠢᠨ ᠲᠦᠷᠤ ᠶᠢᠨ ᠪᠣᠳᠣᠯᠭ᠎ᠠ ᠶᠢ ᠲᠠᠶᠢᠯᠪᠤᠷᠢᠯᠠᠨ᠂ ᠤᠷᠢᠵᠤ ᠡᠯᠰᠡᠬᠦ ᠪᠠ ᠪᠣᠯᠪᠠᠰᠤᠷᠠᠯ ᠬᠢᠬᠦ ᠮᠡᠳᠡᠭᠡ ᠵᠠᠩᠭᠢ ᠶᠢ | ᠨᠡᠶᠢᠲᠡᠯᠡᠵᠦ ᠪᠣᠢ᠃ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠲᠠᠨᠢᠯᠴᠠᠭᠤᠯᠬᠤ ᠶᠢ ᠠᠵᠢᠯ ᠣᠯᠭᠤᠯᠲᠠ ᠶᠢᠨ ᠦᠢᠯᠡᠴᠢᠯᠡᠭᠡᠨ ᠤ ᠬᠦᠷᠢᠶᠡᠨ ᠳᠤ ᠥᠷᠭᠡᠨ ᠢᠶᠠᠷ | ᠬᠡᠷᠡᠭᠯᠡᠬᠦ ᠶᠢ ᠥᠷᠨᠢᠭᠦᠯᠦᠨ ᠠᠬᠢᠭᠤᠯᠵᠤ᠂ ᠪᠥᠬᠦ ᠣᠷᠣᠨ ᠳᠤ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠲᠠᠨᠢᠯᠴᠠᠭᠤᠯᠬᠤ ᠰᠠᠭᠤᠷᠢᠨ ᠭᠠᠵᠠᠷ ᠢ ᠨᠡᠶᠢᠲᠡ 38 | ᠪᠠᠶᠢᠭᠤᠯᠵᠤ᠂ ᠰᠢᠭᠤᠳ ᠨᠡᠪᠲᠡᠷᠡᠭᠦᠯᠭᠡ ᠶᠢᠨ ᠠᠵᠢᠯᠯᠠᠭᠠᠨ ᠢ 2755 ᠲᠠᠯᠠᠪᠤᠷ ᠥᠷᠨᠢᠭᠦᠯᠪᠡ᠃ |