ᠰᠤᠷᠤᠭᠴᠢᠳ ᠢ ᠬᠠᠪᠰᠤᠷᠤᠨ ᠰᠢᠯᠭᠠᠯᠲᠠ ᠠᠴᠠ ᠡᠮᠦᠨᠡᠬᠢ ᠰᠡᠳᠬᠢᠯ ᠤᠨ ᠳᠠᠷᠤᠭᠠᠰᠤ ᠶᠢ ᠨᠢ ᠬᠥᠩᠭᠡᠯᠡᠵᠦ᠂ ᠪᠡᠶ᠎ᠡ ᠰᠡᠳᠬᠢᠯ ᠤᠨ ᠵᠣᠬᠢᠴᠠᠭᠤᠯᠭ᠎ᠠ ᠶᠢ | ᠰᠠᠶᠢᠲᠤᠷ ᠬᠢᠵᠦ᠂ ᠪᠠᠭ᠎ᠠ ᠰᠤᠷᠭᠠᠭᠤᠯᠢ ᠠᠴᠠ ᠠᠩᠬ᠎ᠠ ᠳᠤᠮᠳᠠᠳᠤ ᠰᠤᠷᠭᠠᠭᠤᠯᠢ ᠳᠤ ᠳᠡᠪᠰᠢᠬᠦ ᠪᠠ ᠠᠩᠬ᠎ᠠ ᠳᠤᠮᠳᠠᠳᠤ ᠰᠤᠷᠭᠠᠭᠤᠯᠢ ᠠᠴᠠ ᠲᠡᠭᠦᠰᠴᠦ ᠰᠤᠷᠭᠠᠭᠤᠯᠢ | ᠳᠡᠪᠰᠢᠬᠦ ᠰᠢᠯᠭᠠᠯᠲᠠ ᠶᠢ ᠢᠳᠡᠪᠬᠢᠲᠡᠢ ᠵᠥᠪ ᠰᠡᠳᠬᠢᠴᠡ ᠪᠠᠷ ᠤᠭᠲᠤᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠲᠣᠪᠴᠢᠶ᠎ᠠ ᠡᠪᠯᠡᠯ ᠤᠨ ᠬᠤᠷᠢᠶ᠎ᠠ | ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠶᠠᠪᠤᠳᠠᠯ ᠪᠠ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ 5 ᠰᠠᠷ᠎ᠠ ᠶᠢᠨ | 19 ᠤ ᠡᠳᠦᠷ ᠠᠴᠠ 23 ᠤ ᠡᠳᠦᠷ ᠪᠣᠯᠲᠠᠯ᠎ᠠ ︽ᠰᠡᠳᠬᠢᠯ ᠠᠮᠤᠷ ᠰᠢᠯᠭᠠᠯᠲᠠ ᠳᠤ ᠪᠡᠯᠡᠳᠬᠡᠬᠦ ᠳᠤ12355 ᠲᠠᠨ ᠲᠠᠢ ᠬᠠᠮᠲᠤ︾ ᠰᠢᠯᠭᠠᠯᠲᠠ ᠠᠴᠠ ᠡᠮᠦᠨᠡᠬᠢ | ᠳᠠᠷᠤᠯᠲᠠ ᠶᠢ ᠪᠠᠭᠠᠰᠬᠠᠬᠤ ᠰᠢᠷᠢᠰ ᠠᠵᠢᠯᠯᠠᠭ᠎ᠠ ᠶᠢ ᠥᠷᠨᠢᠭᠦᠯᠪᠡ᠃ᠲᠣᠰ ᠠᠵᠢᠯᠯᠠᠭ᠎ᠠ ᠠᠮᠤᠭᠤᠯᠠᠩ ᠨᠢᠭᠡᠳᠦᠭᠡᠷ ᠪᠠᠭ᠎ᠠ ᠰᠤᠷᠭᠠᠭᠤᠯᠢ᠂ ᠬᠤᠶᠠᠳᠤᠭᠠᠷ ᠪᠠᠭ᠎ᠠ | ᠰᠤᠷᠭᠠᠭᠤᠯᠢ᠂ ᠨᠢᠭᠡᠳᠦᠭᠡᠷ ᠳᠤᠮᠳᠠᠳᠤ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ ᠶᠢ ᠬᠠᠮᠤᠷᠴᠤ᠂ ᠨᠡᠶᠢᠲᠡ 570 ᠭᠠᠷᠤᠢ ᠪᠠᠭᠰᠢ ᠰᠣᠷᠣᠭᠴᠢ ᠣᠷᠣᠯᠴᠠᠵᠠᠢ᠃ | | | | | | | ᠠᠵᠢᠯᠯᠠᠭ᠎ᠠ ᠳᠤ ᠤᠯᠤᠰ ᠤᠨ ᠬᠤᠶᠠᠳᠤᠭᠠᠷ ᠳᠡᠰ ᠤᠨ ᠰᠡᠳᠬᠢᠴᠡ ᠵᠥᠪᠯᠡᠯᠭᠡ ᠶᠢᠨ ᠪᠠᠭᠰᠢ᠂ ᠭᠡᠷ ᠪᠦᠯᠢ ᠶᠢᠨ ᠰᠤᠷᠭᠠᠨ ᠬᠥᠮᠦᠵᠢᠯ ᠤᠨ ᠳᠡᠭᠡᠳᠦ | ᠵᠡᠷᠭᠡ ᠶᠢᠨ ᠯᠧᠺᠲ᠋ᠣᠷ ᠰᠢᠨ ᠬᠦᠶ ᠯᠠᠨ ᠢ ᠲᠤᠰᠬᠠᠶᠢᠯᠠᠨ ᠤᠷᠢᠵᠤ ᠬᠢᠴᠢᠶᠡᠯ ᠵᠢᠭᠠᠯᠭᠠᠪᠠ᠃ᠰᠢᠨ ᠪᠠᠭᠰᠢ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠴᠡ ᠶᠢᠨ | ᠬᠥᠭᠵᠢᠯᠲᠡ ᠶᠢᠨ ᠣᠨᠴᠠᠯᠢᠭ ᠲᠠᠢ ᠤᠶᠠᠯᠳᠤᠭᠤᠯᠤᠨ᠂ ᠠᠮᠢᠳᠤᠯᠢᠭ ᠬᠡᠷᠡᠭ ᠤᠨ ᠵᠢᠱᠢᠶ᠎ᠡ ᠶᠢ ᠵᠠᠳᠠᠯᠬᠤ ᠪᠠ ᠬᠠᠷᠢᠯᠴᠠᠨ ᠬᠥᠳᠡᠯᠦᠯᠴᠡᠵᠦ ᠠᠰᠠᠭᠤᠯᠲᠠ ᠬᠠᠷᠢᠭᠤᠯᠬᠤ ᠪᠠᠷ | ᠳᠠᠮᠵᠢᠭᠤᠯᠤᠨ᠂ ᠪᠠᠶᠢᠩᠭᠤ ᠲᠣᠬᠢᠶᠠᠯᠳᠤᠬᠤ ᠰᠡᠳᠬᠢᠴᠡ ᠶᠢᠨ ᠠᠰᠠᠭᠤᠳᠠᠯ ᠢ ᠢᠯᠭᠠᠨ ᠲᠠᠨᠢᠬᠤ ᠠᠷᠭ᠎ᠠ ᠵᠢᠴᠢ ᠡᠷᠡᠭᠦᠯ ᠮᠡᠨᠳᠦ ᠶᠢ ᠬᠠᠮᠠᠭᠠᠯᠠᠬᠤ ᠠᠷᠭ᠎ᠠ ᠪᠣᠳᠣᠯᠭ᠎ᠠ ᠶᠢ | ᠰᠢᠰᠲ᠋ᠧᠮ ᠲᠠᠢ ᠲᠠᠶᠢᠯᠪᠤᠷᠢᠯᠠᠨ᠂ ᠤᠷᠮ᠎ᠠ ᠰᠡᠳᠬᠢᠯᠭᠡ ᠶᠢᠨ ᠬᠠᠮᠢᠶᠠᠷᠤᠯᠲᠠ᠂ ᠳᠠᠷᠤᠯᠲᠠ ᠶᠢᠨ ᠵᠣᠬᠢᠴᠠᠭᠤᠯᠭ᠎ᠠ ᠵᠢᠴᠢ ᠬᠥᠮᠥᠰ ᠤᠨ ᠬᠤᠭᠤᠷᠣᠨᠳᠣᠬᠢ ᠬᠠᠷᠢᠯᠴᠠᠭᠠᠨ ᠤ | ᠤᠷ᠎ᠠ ᠮᠡᠷᠭᠡᠵᠢᠯ ᠢ ᠭᠤᠣᠯᠳᠠᠯᠭ᠎ᠠ ᠲᠠᠢ ᠤᠯᠠᠮᠵᠢᠯᠠᠵᠤ᠂ ᠰᠤᠷᠤᠭᠴᠢᠳ ᠢ ᠬᠠᠪᠰᠤᠷᠤᠨ ᠰᠡᠳᠬᠢᠴᠡ ᠶᠢᠨ ᠪᠠᠶᠢᠳᠠᠯ ᠢ ᠨᠢ ᠰᠢᠨᠵᠢᠯᠡᠬᠦ ᠤᠬᠠᠭᠠᠨᠴᠢ ᠪᠠᠷ ᠲᠠᠨᠢᠭᠤᠯᠵᠤ᠂ | ᠵᠣᠪᠠᠨᠢᠯ ᠪᠤᠬᠢᠨᠢᠳᠤᠯ ᠢ ᠲᠠᠶᠢᠯᠬᠤ ᠪᠣᠳᠠᠲᠤ ᠬᠡᠷᠡᠭᠯᠡᠭᠡᠨ ᠤ ᠠᠷᠭ᠎ᠠ ᠶᠢ ᠡᠵᠡᠮᠰᠢᠭᠦᠯᠪᠡ᠃ | | | | | | | | | ᠲᠤᠬᠠᠢ ᠶᠢᠨ ᠲᠠᠯᠠᠪᠤᠷ ᠲᠤ ︽ᠳᠠᠷᠤᠯᠲᠠ ᠯᠦᠭᠡ ᠶᠢᠨ ᠶᠠᠷᠢᠯᠴᠠᠭ᠎ᠠ︾ᠦᠵᠡᠭᠳᠡᠯ ᠤᠨ ᠳᠠᠭᠤᠷᠢᠶᠠᠮᠠᠯ᠂ 4 ︱ 7 ︱ 8 ᠠᠮᠢᠰᠬᠤᠯ ᠤᠨ ᠪᠣᠯᠪᠠᠰᠤᠷᠠᠯ | ᠵᠡᠷᠭᠡ ᠪᠡᠶᠡᠴᠢᠯᠡᠨ ᠣᠶᠢᠯᠠᠭᠠᠬᠤ ᠭᠤᠭᠴᠤᠭ᠎ᠠ ᠶᠢ ᠲᠣᠬᠢᠷᠠᠭᠤᠯᠵᠤ᠂ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠵᠢᠪᠦᠭᠰᠡᠨ ᠮᠠᠶ᠋ᠢᠭ ᠤᠨ ᠦᠢᠯᠡᠳᠦᠯᠴᠡᠯ ᠤᠨ | ᠳᠤᠮᠳᠠ ᠳᠠᠷᠤᠯᠲᠠ ᠶᠢᠨ ᠮᠥᠨ ᠴᠢᠨᠠᠷ ᠢ ᠵᠥᠪ ᠣᠨᠣᠪᠴᠢᠲᠠᠶ ᠲᠠᠨᠢᠭᠤᠯᠵᠤ᠂ ᠪᠣᠳᠠᠲᠠᠢ ᠪᠣᠯᠪᠠᠰᠤᠷᠠᠯ ᠢᠶᠠᠷ ᠳᠠᠮᠵᠢᠭᠤᠯᠤᠨ ᠤᠷᠮ᠎ᠠ ᠰᠡᠳᠬᠢᠯᠭᠡ ᠶᠢ ᠵᠣᠬᠢᠴᠠᠭᠤᠯᠬᠤ | ᠪᠦᠲᠦᠮᠵᠢᠲᠡᠶ ᠪᠠᠭᠠᠵᠢ ᠶᠢ ᠡᠵᠡᠮᠰᠢᠭᠦᠯᠪᠡ᠃ ᠪᠠᠭᠰᠢ ᠰᠤᠷᠤᠭᠴᠢᠳ ᠢᠳᠡᠪᠬᠢᠲᠡᠢ ᠣᠷᠣᠯᠴᠠᠵᠤ᠂ ᠴᠢᠩᠭ᠎ᠠ ᠲᠤᠰᠬᠠᠯ ᠭᠠᠷᠭᠠᠵᠤ᠂ ᠠᠵᠢᠯᠯᠠᠭᠠᠨ ᠤ ᠠᠭᠤᠷ ᠠᠮᠢᠰᠬᠤᠯ | ᠠᠭᠤᠵᠢᠭᠤ ᠲᠠᠯᠪᠢᠭᠤ ᠪᠥᠭᠡᠳ ᠡᠮᠬᠢ ᠵᠢᠷᠤᠮ ᠲᠠᠢ ᠪᠠᠶᠢᠵᠤ᠂ ᠰᠤᠷᠤᠭᠴᠢᠳ ᠤᠨ ᠰᠢᠯᠭᠠᠯᠲᠠ ᠠᠴᠠ ᠡᠮᠦᠨᠡᠬᠢ ᠳᠠᠷᠤᠯᠲᠠ ᠶᠢ ᠠᠷᠭᠠᠴᠠᠬᠤ ᠢᠲᠡᠭᠡᠯ ᠪᠠ ᠴᠢᠳᠠᠪᠤᠷᠢ | ᠶᠢ ᠦᠨᠡᠨ ᠬᠦ ᠨᠡᠮᠡᠭᠳᠡᠭᠦᠯᠵᠡᠢ᠃ | | | | | | ᠲᠣᠰ ᠤᠳᠠᠭᠠᠨ ᠤ ᠠᠵᠢᠯᠯᠠᠭ᠎ᠠ ᠪᠣᠯ ᠰᠤᠷᠭᠠᠨ ᠬᠥᠮᠦᠵᠢᠯ ᠤᠨ ᠲᠣᠪᠴᠢᠶ᠎ᠠ ᠬᠢᠭᠡᠳ ᠡᠪᠯᠡᠯ ᠤᠨ ᠬᠤᠷᠢᠶ᠎ᠠ ᠬᠤᠰᠢᠭᠤᠨ ᠤ ᠨᠠᠮ ᠤᠨ ᠬᠤᠷᠢᠶ᠎ᠠ᠂ | ᠠᠷᠠᠳ ᠤᠨ ᠶᠠᠪᠤᠳᠠᠯ ᠪᠠ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠡᠷᠡᠭᠦᠯ | ᠮᠡᠨᠳᠦ ᠶᠢᠨ ᠦᠢᠯᠡᠴᠢᠯᠡᠭᠡ ᠶᠢ ᠭᠦᠨᠵᠡᠭᠡᠶᠢᠷᠡᠭᠦᠯᠦᠭᠰᠡᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠲᠠᠷᠠᠭᠠᠴᠢ ᠶᠢᠨ ᠠᠯᠬᠤᠮ ᠳᠤ᠂ ᠡᠯ᠎ᠡ ᠰᠠᠯᠠᠭ᠎ᠠ ᠮᠥᠴᠢᠷ ᠡᠭᠦᠷᠭᠡ | ᠴᠢᠳᠠᠪᠤᠷᠢ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ︽ᠭᠡᠷ ᠪᠦᠯᠢ ᠰᠤᠷᠭᠠᠭᠤᠯᠢ ᠨᠡᠶᠢᠭᠡᠮ︾ ᠬᠠᠮᠵᠢᠯᠴᠠᠨ ᠬᠥᠮᠥᠨ ᠬᠥᠮᠥᠵᠢᠭᠦᠯᠬᠦ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠣᠯᠠᠨ ᠠᠷᠭ᠎ᠠ ᠵᠠᠮ᠂ ᠣᠯᠠᠨ ᠬᠡᠯᠪᠡᠷᠢ ᠪᠠᠷ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ | ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠪᠥᠬᠦ ᠲᠠᠯ᠎ᠠ ᠪᠠᠷ ᠰᠠᠬᠢᠨ ᠬᠠᠮᠠᠭᠠᠯᠠᠵᠤ᠂ ᠰᠤᠷᠤᠭᠴᠢᠳ ᠤᠨ ᠦᠰᠦᠨ ᠪᠣᠶᠢᠵᠢᠵᠤ | ᠴᠢᠳᠠᠪᠤᠷᠢᠲᠠᠨ ᠪᠣᠯᠬᠤ ᠶᠢ ᠬᠠᠮᠠᠭᠠᠯᠠᠨ᠎ᠠ︔ᠰᠤᠷᠭᠠᠨ ᠬᠥᠮᠦᠵᠢᠯ ᠤᠨ ᠲᠣᠪᠴᠢᠶ᠎ᠠ ᠪᠠᠰᠠ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ | ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠠᠵᠢᠯᠲᠠᠨ᠂ ᠪᠥᠬᠦ ᠶᠠᠪᠤᠴᠠ᠂ ᠪᠥᠬᠦ | ᠲᠠᠯ᠎ᠠ ᠶᠢᠨ ᠬᠥᠮᠥᠨ ᠬᠥᠮᠥᠵᠢᠭᠦᠯᠬᠦ ᠪᠠᠶᠢᠷᠢᠰᠢᠯ ᠢ ᠪᠣᠶ ᠪᠣᠯᠭᠠᠬᠤ ᠶᠢ ᠲᠦᠯᠬᠢᠨ ᠠᠬᠢᠭᠤᠯᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ | | |