ᠳᠣᠲᠣᠭᠠᠳᠤ ᠶᠢᠨ ᠬᠢᠨᠠᠨ ᠪᠤᠳᠤᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠬᠢᠨᠠᠨ ᠪᠤᠳᠤᠬᠤ ᠬᠢᠨᠠᠯᠲᠠ ᠲᠠᠯᠪᠢᠬᠤ | ᠴᠢᠳᠠᠪᠤᠷᠢ ᠶᠢ ᠴᠢᠩᠭᠠᠳᠬᠠᠬᠤ ᠶᠢᠨ ᠲᠥᠯᠥᠭᠡ᠂ ᠰᠢᠨ᠎ᠡ ᠪᠠᠷᠭᠤ ᠵᠡᠭᠦᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ 2025 ᠣᠨ ᠤ ᠳᠣᠲᠣᠭᠠᠳᠤ ᠶᠢᠨ ᠬᠢᠨᠠᠨ | ᠪᠤᠳᠤᠬᠤ ᠠᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠡᠷᠭᠢᠯᠡᠵᠦ᠂ ᠡᠯ᠎ᠡ ᠪᠠᠶᠢᠭᠤᠯᠭ᠎ᠠ ᠨᠢᠭᠡᠴᠢ ᠶᠢᠨ ᠳᠣᠲᠣᠭᠠᠳᠤ ᠶᠢᠨ ᠬᠢᠨᠠᠨ ᠪᠤᠳᠤᠬᠤ | ᠬᠠᠮᠢᠶ᠎ᠠ ᠪᠦᠬᠦᠢ ᠬᠥᠮᠥᠰ ᠣᠷᠣᠯᠴᠠᠵᠠᠢ᠃ | ᠪᠣᠯᠪᠠᠰᠤᠷᠠᠯ ᠨᠢ ᠳᠣᠲᠣᠭᠠᠳᠤ ᠶᠢᠨ ᠬᠢᠨᠠᠨ ᠪᠤᠳᠤᠬᠤ ᠠᠷᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠵᠦᠢᠯ ᠤᠨ ᠬᠢᠨᠠᠨ ᠪᠣᠳᠣᠬᠤ ᠠᠷᠭ᠎ᠠ | ᠮᠠᠶ᠋ᠢᠭ ᠤᠨ ᠪᠣᠳᠠᠲᠠᠢ ᠠᠵᠢᠯ ᠤᠨ ᠳᠤᠮᠳᠠᠬᠢ ᠬᠡᠷᠡᠭᠯᠡᠭᠡᠨ ᠤ ᠤᠷ᠎ᠠ ᠳᠡᠮ ᠢ ᠭᠦᠨᠵᠡᠭᠡᠢ ᠲᠠᠶᠢᠯᠪᠤᠷᠢᠯᠠᠵᠤ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠡᠳ᠋ ᠤᠨ | ᠶᠠᠪᠤᠳᠠᠯ ᠵᠢᠴᠢ ᠬᠠᠮᠢᠶ᠎ᠠ ᠪᠦᠬᠦᠢ ᠳᠦᠷᠢᠮ ᠲᠣᠭᠲᠠᠭᠠᠯ ᠬᠠᠤᠯᠢ ᠲᠣᠭᠲᠠᠭᠠᠯ ᠢ ᠡᠮᠬᠢᠳᠬᠡᠨ ᠨᠠᠶᠢᠷᠠᠭᠤᠯᠬᠤ ᠪᠣᠯᠪᠠᠰᠤᠷᠠᠭᠤᠯᠤᠯ ᠤᠨ ᠭᠤᠭᠴᠤᠭ᠎ᠠ ᠳᠤ᠂ ᠬᠠᠮᠤᠭ ᠤᠨ | ᠰᠢᠨ᠎ᠡ ᠡᠳ᠋ ᠤᠨ ᠶᠠᠪᠤᠳᠠᠯ ᠤᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠡᠮᠬᠢᠯᠡᠨ ᠳᠢᠭᠯᠡᠵᠦ᠂ ᠲᠥᠰᠥᠪ ᠤᠨ ᠬᠠᠮᠢᠶᠠᠷᠤᠯᠲᠠ᠂ ᠡᠳ᠋ ᠬᠥᠷᠥᠩᠭᠡ ᠶᠢᠨ | ᠬᠠᠮᠢᠶᠠᠷᠤᠯᠲᠠ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠶᠢ ᠬᠠᠮᠤᠷᠴᠤ᠂ ᠳᠣᠲᠣᠭᠠᠳᠤ ᠶᠢᠨ ᠬᠢᠨᠠᠨ ᠪᠤᠳᠤᠬᠤ ᠲᠤᠭ᠎ᠠ | ᠪᠦᠷᠢᠳᠬᠡᠯ ᠤᠨ ᠪᠠᠶᠢᠴᠠᠭᠠᠯᠲᠠ ᠶᠢᠨ ᠰᠢᠭᠤᠳ ᠮᠡᠳᠡᠭᠦᠯᠬᠦ ᠰᠢᠰᠲ᠋ᠧᠮ ᠤᠨ ᠠᠵᠢᠯᠯᠠᠭᠠᠨ ᠤ ᠲᠣᠳᠣᠷᠬᠠᠶᠢᠯᠠᠯᠲᠠ ᠶᠢᠨ ᠪᠣᠯᠪᠠᠰᠤᠷᠠᠭᠤᠯᠤᠯ ᠳᠤ ᠲᠤᠬᠠᠢ ᠶᠢᠨ ᠲᠠᠯᠠᠪᠤᠷ ᠤᠨ | ᠦᠵᠡᠭᠦᠯᠦᠯᠭᠡ ᠪᠠ ᠪᠣᠳᠠᠲᠤ ᠪᠣᠯᠪᠠᠰᠤᠷᠠᠯ ᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠬᠡᠷᠡᠭᠯᠡᠪᠡ᠃ᠪᠣᠯᠪᠠᠰᠤᠷᠠᠭᠤᠯᠤᠯ ᠢᠶᠠᠷ ᠳᠡᠮᠵᠢᠨ᠂ ᠡᠯ᠎ᠡ ᠪᠠᠶᠢᠭᠤᠯᠭ᠎ᠠ | ᠨᠢᠭᠡᠴᠢ ᠶᠢᠨ ᠳᠣᠲᠣᠭᠠᠳᠤ ᠬᠢᠨᠠᠯᠲᠠ ᠶᠢᠨ ᠠᠵᠢᠯᠲᠠᠳ ᠳᠣᠲᠣᠭᠠᠳᠤ ᠶᠢᠨ ᠬᠢᠨᠠᠨ ᠪᠤᠳᠤᠬᠤ ᠠᠷᠭ᠎ᠠ᠂ ᠡᠯ᠎ᠡ ᠵᠦᠢᠯ ᠤᠨ ᠬᠠᠮᠢᠶ᠎ᠠ ᠪᠦᠬᠦᠢ ᠳᠦᠷᠢᠮ ᠲᠣᠭᠲᠠᠭᠠᠯ ᠵᠢᠴᠢ | ᠲᠤᠭ᠎ᠠ ᠪᠦᠷᠢᠳᠬᠡᠯ ᠤᠨ ᠰᠢᠭᠤᠳ ᠮᠡᠳᠡᠭᠦᠯᠬᠦ ᠰᠢᠰᠲ᠋ᠧᠮ ᠤᠨ ᠲᠤᠬᠠᠢ ᠨᠠᠩ ᠭᠦᠨᠵᠡᠭᠡᠢ ᠣᠶᠢᠯᠠᠭᠠᠯᠲᠠ ᠲᠠᠢ ᠪᠣᠯᠪᠠ᠃ | ᠪᠣᠯᠪᠠᠰᠤᠷᠠᠭᠤᠯᠤᠯ ᠤᠨ ᠲᠡᠭᠦᠰᠬᠡᠯ ᠳᠤ᠂ ᠬᠢᠨᠠᠨ ᠪᠤᠳᠤᠬᠤ ᠲᠣᠪᠴᠢᠶ᠎ᠠ ᠶᠢᠨ ᠤᠳᠤᠷᠢᠳᠤᠯᠭ᠎ᠠ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠳᠣᠲᠣᠭᠠᠳᠤ ᠶᠢᠨ | ᠬᠢᠨᠠᠨ ᠪᠤᠳᠤᠬᠤ ᠠᠵᠢᠯ ᠤᠨ ᠪᠠᠶᠢᠭᠤᠯᠭ᠎ᠠ ᠨᠢᠭᠡᠴᠢ ᠶᠢᠨ ᠯᠠᠪᠳᠠᠭᠤᠨ ᠲᠣᠭᠲᠠᠭᠤᠨ ᠢᠶᠠᠷ ᠠᠵᠢᠯᠯᠠᠬᠤ ᠳᠤ ᠦᠵᠡᠭᠦᠯᠬᠦ ᠴᠢᠬᠤᠯᠠ ᠴᠢᠨᠠᠷ ᠢ ᠴᠢᠬᠤᠯᠠᠴᠢᠯᠠᠨ᠂ ᠡᠯ᠎ᠡ | ᠪᠠᠶᠢᠭᠤᠯᠭ᠎ᠠ ᠨᠢᠭᠡᠴᠢ ᠶᠢᠨ ᠳᠣᠲᠣᠭᠠᠳᠤ ᠶᠢᠨ ᠬᠢᠨᠠᠨ ᠪᠤᠳᠤᠬᠤ ᠠᠵᠢᠯᠲᠠᠨ ᠤ ᠰᠣᠷᠣᠭᠰᠠᠨ ᠵᠦᠢᠯ ᠢᠶᠠᠨ ᠪᠣᠳᠠᠲᠠᠢ ᠠᠵᠢᠯ ᠳᠠᠭᠠᠨ ᠬᠡᠷᠡᠭᠯᠡᠬᠦ ᠶᠢ ᠵᠣᠷᠢᠭᠵᠢᠭᠤᠯᠵᠤ᠂ | ᠬᠢᠨᠠᠨ ᠪᠤᠳᠤᠬᠤ ᠶᠠᠰᠤ ᠴᠢᠨᠠᠷ ᠢ ᠳᠡᠭᠡᠭᠰᠢᠯᠡᠭᠦᠯᠪᠡ᠃ᠲᠣᠰ ᠤᠳᠠᠭᠠᠨ ᠤ ᠪᠣᠯᠪᠠᠰᠤᠷᠠᠭᠤᠯᠤᠯ ᠤᠨ ᠠᠭᠤᠯᠭ᠎ᠠ ᠪᠠᠶᠠᠯᠢᠭ᠂ ᠬᠠᠨᠳᠤᠯᠭᠠᠲᠤ ᠴᠢᠨᠠᠷ ᠢᠶᠠᠷ ᠴᠢᠩᠭ᠎ᠠ ᠪᠠᠶᠢᠵᠤ᠂ | ᠳᠣᠲᠣᠭᠠᠳᠤ ᠬᠢᠨᠠᠯᠲᠠ ᠶᠢᠨ ᠠᠵᠢᠯᠲᠠᠨ ᠤ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢ ᠦᠨᠡᠨ ᠬᠦ ᠳᠡᠭᠡᠭᠰᠢᠯᠡᠭᠦᠯᠦᠨ᠂ 2025 ᠣᠨ ᠤ ᠳᠣᠲᠣᠭᠠᠳᠤ ᠶᠢᠨ ᠬᠢᠨᠠᠨ | ᠪᠤᠳᠤᠬᠤ ᠠᠵᠢᠯ ᠢ ᠴᠢᠨᠠᠷ ᠰᠠᠶᠢᠲᠠᠢ ᠥᠷᠨᠢᠭᠦᠯᠬᠦ ᠳᠤ ᠪᠠᠲᠤ ᠰᠠᠭᠤᠷᠢ ᠲᠠᠯᠪᠢᠵᠤ᠂ ᠡᠯ᠎ᠡ ᠪᠠᠶᠢᠭᠤᠯᠭ᠎ᠠ ᠨᠢᠭᠡᠴᠢ ᠶᠢᠨ ᠬᠠᠮᠢᠶᠠᠷᠤᠯᠲᠠ ᠶᠢ ᠵᠢᠷᠤᠮᠵᠢᠭᠤᠯᠬᠤ᠂ | ᠲᠦᠭᠰᠢᠭᠦᠷᠢ ᠶᠢ ᠰᠡᠷᠭᠡᠶᠢᠯᠡᠬᠦ ᠳᠤ ᠬᠦᠴᠦᠨ ᠨᠡᠮᠡᠷᠢᠯᠡᠵᠦ᠂ ᠳᠣᠲᠣᠭᠠᠳᠤ ᠶᠢᠨ ᠬᠢᠨᠠᠨ ᠪᠤᠳᠤᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠪᠠ᠃ | | | | | |