ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ 139 ᠳ᠋ᠦ᠋ᠭᠡᠷ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠨᠢᠭᠡᠳᠦᠭᠡᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/27
          5 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠨᠠᠢ ᠪᠢᠨ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ 139 ᠳ᠋ᠦ᠋ᠭᠡᠷ ᠤᠳᠠᠭᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃          ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠪᠣᠯᠣᠨ ᠬᠤᠯᠪᠣᠭᠳᠠᠯ ᠪᠦᠬᠦᠢ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠵᠢᠭᠠᠵᠤ ᠭᠠᠷᠭᠠᠭᠰᠠᠨ ᠨᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠬᠠᠷᠢᠯᠴᠠᠨ ᠬᠠᠮᠵᠢᠯᠴᠠᠵᠤ᠂ ᠬᠡᠷᠡᠭᠵᠢᠭᠦᠯᠵᠦ ᠪᠣᠯᠬᠤᠶᠢᠴᠠ ᠲᠦᠷᠦᠯ ᠵᠦᠢᠯ ᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠡᠭᠦᠨ ᠤ ᠬᠠᠮᠲᠤ᠂ ︽ᠲᠤᠯᠤᠭᠠᠨ ᠬᠦᠴᠦᠯᠡᠴᠡ︾ ᠶᠢᠨ ᠴᠢᠬᠤᠯᠠ ᠱᠠᠭᠠᠷᠳᠠᠯᠭ᠎ᠠ ᠶᠢ ᠪᠠᠲᠤ ᠡᠵᠡᠮᠳᠡᠵᠦ᠂ ᠣᠨᠣᠯ ᠤᠨ ᠤᠬᠠᠭᠤᠯᠭ᠎ᠠ ᠲᠠᠶᠢᠯᠪᠤᠷᠢᠯᠠᠯᠲᠠ᠂ ᠰᠣᠶᠣᠯ ᠤᠨ ᠤᠯᠠᠮᠵᠢᠯᠠᠯ ᠪᠠ ᠦᠵᠡᠯ ᠤᠬᠠᠮᠰᠠᠷ ᠤᠨ ᠬᠡᠯᠪᠡᠷᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠥᠭᠵᠢᠯᠲᠡ ᠶᠢᠨ ᠨᠡᠶᠢᠯᠡᠮᠡᠯ ᠬᠦᠴᠦᠨ ᠢ ᠨᠢᠭᠲᠠᠷᠠᠭᠤᠯᠬᠤ ᠬᠡᠷᠡᠭᠲᠡᠢ᠃          ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠬᠤᠯᠪᠣᠭᠳᠠᠯ ᠪᠦᠬᠦᠢ ᠬᠤᠷᠠᠯ ᠤᠨ ᠭᠤᠣᠯ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠵᠢᠭᠠᠵᠤ ᠭᠠᠷᠭᠠᠭᠰᠠᠨ ᠨᠢ᠂ ᠰᠤᠷᠤᠯᠴᠠᠬᠤ ᠪᠠᠷ ᠺᠠᠳ᠋ᠷ ᠢ ᠠᠬᠢᠭᠤᠯᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠥᠷᠨᠢᠭᠦᠯᠵᠦ᠂ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠤᠳᠤᠷᠢᠳᠬᠤ ᠺᠠᠳ᠋ᠷ ᠲᠦᠷᠦᠭᠦᠯᠡᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠤᠰᠬᠠᠢ ᠠᠩᠭᠢ ᠶᠢᠨ ᠨᠢᠭᠡᠳᠦᠯᠲᠡᠢ ᠲᠥᠯᠥᠪᠵᠢᠭᠦᠯᠦᠨ ᠬᠢᠨᠠᠨ ᠵᠢᠯᠤᠭᠤᠳᠬᠤ ᠶᠢ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠪᠠᠲᠤᠯᠠᠬᠤ ᠬᠡᠷᠡᠭᠲᠡᠢ᠃          ᠬᠤᠷᠠᠯ ᠠᠴᠠ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠴᠢᠬᠤᠯᠠᠴᠢᠯᠠᠭᠰᠠᠨ ᠨᠢ᠂ ︽ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ︾ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠤᠬᠠᠭᠤᠯᠭ᠎ᠠ ᠬᠥᠮᠦᠵᠢᠯ ᠢ ᠴᠢᠩᠭᠠᠳᠬᠠᠬᠤ ᠬᠡᠷᠡᠭᠲᠡᠢ︔ ᠤᠯᠠᠨ ᠲᠦᠮᠡᠨᠴᠢ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠣᠭᠲᠠᠴᠠ ᠶᠢ ᠰᠢᠯᠢᠳᠡᠭᠵᠢᠭᠦᠯᠬᠦ ᠬᠡᠷᠡᠭᠲᠡᠢ︔ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠬᠤ ᠳᠤ ᠮᠠᠯᠴᠢᠳ ᠤᠨ ᠠᠰᠢᠭ ᠲᠤᠰᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠯᠴᠠᠬᠤ ᠪᠠᠨ ᠥᠷᠭᠡᠳᠬᠡᠵᠦ᠂ ᠲᠤᠷᠰᠢᠯᠭ᠎ᠠ ᠪᠠᠨ ᠳ᠋ᠦᠩᠨᠡᠵᠦ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃          ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠨᠢᠭᠡᠳᠦᠭᠡᠷ ᠤᠳᠠᠭᠠᠨ ᠤ ᠬᠤᠷᠠᠯ ᠤᠨ ᠬᠠᠮᠢᠶ᠎ᠠ ᠪᠦᠬᠦᠢ ᠶᠠᠪᠤᠳᠠᠯ ᠢ ᠰᠤᠳᠤᠯᠵᠤ ᠴᠢᠬᠤᠯᠠᠴᠢᠯᠠᠭᠰᠠᠨ ᠨᠢ᠂ ᠦᠵᠡᠯ ᠤᠬᠠᠮᠰᠠᠷ ᠤᠨ ᠬᠡᠯᠪᠡᠷᠢ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃          ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠵᠤ ᠬᠢᠨᠠᠨ ᠵᠥᠪᠯᠡᠪᠡ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ