ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠬᠤ ᠪᠣᠯ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢᠨ ᠰᠠᠭᠤᠷᠢ | ᠲᠤᠯᠭᠠᠭᠤᠷᠢᠯᠠᠯ ᠪᠠ ᠳᠣᠲᠣᠭᠠᠳᠤ ᠱᠠᠭᠠᠷᠳᠠᠯᠭ᠎ᠠ ᠪᠣᠯᠣᠨ᠎ᠠ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠢᠶᠠᠷ ︽ᠠᠵᠤ ᠠᠬᠤᠶᠢᠯᠠᠯ ᠳᠤ ᠬᠤᠯᠪᠣᠭᠳᠠᠬᠤ | ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭᠠᠨ ᠢ ᠥᠷᠨᠢᠭᠦᠯᠬᠦ ᠬᠡᠷᠡᠭᠲᠡᠢ᠃ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ | ᠪᠦᠲᠦᠭᠡᠨ ᠪᠠᠶᠢᠭᠤᠯᠤᠯᠲᠠ ᠶᠢᠨ ᠵᠢᠯᠣᠭᠤᠳᠤᠮᠵᠢ ᠶᠢ ᠲᠣᠭᠲᠠᠭᠠᠨ᠎ᠠ︾ ᠭᠡᠵᠦ ᠳᠤᠷᠠᠳᠪᠠ᠃ ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ | ︽ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠤᠨ᠎ᠠ︾ ᠭᠡᠵᠦ ᠳᠤᠷᠠᠳᠪᠠ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠤᠯᠠᠮ ᠨᠢᠭᠡ ᠠᠯᠬᠤᠮ ᠲᠤᠪᠤᠶᠢᠯᠭᠠᠵᠤ᠂ ᠨᠢᠭᠡᠳᠦᠯᠲᠡᠢ ᠲᠣᠮᠣ ᠵᠠᠬ᠎ᠠ | ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠠᠰᠢᠭᠲᠠᠢ ᠡᠯ᠎ᠡ ᠵᠦᠢᠯ ᠤᠨ ᠳᠦᠷᠢᠮ ᠲᠣᠭᠲᠠᠭᠠᠯ ᠢ ᠬᠡᠷᠬᠢᠨ ᠲᠣᠭᠲᠠᠭᠠᠵᠤ᠂ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ | ᠪᠦᠲᠦᠭᠡᠨ ᠪᠠᠶᠢᠭᠤᠯᠤᠯᠲᠠ ᠳᠤ ᠠᠰᠢᠭ ᠦᠭᠡᠢ ᠡᠯ᠎ᠡ ᠵᠦᠢᠯ ᠤᠨ ᠬᠠᠷᠰᠢ ᠰᠠᠭᠠᠳ ᠢ ᠬᠡᠷᠬᠢᠨ ᠠᠷᠢᠯᠭᠠᠬᠤ ᠪᠤᠢ︖ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠥᠷᠢᠰᠦᠯᠳᠦᠭᠡᠨ ᠤ ᠲᠥᠷᠥ ᠶᠢᠨ ᠪᠣᠳᠣᠯᠭ᠎ᠠ ᠶᠢ ᠵᠣᠬᠢᠴᠠᠭᠤᠯᠬᠤ | ᠵᠤᠷᠭᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠡᠷᠬᠡ ᠲᠡᠭᠰᠢ ᠪᠠᠷ | ᠥᠷᠢᠰᠦᠯᠳᠦᠬᠦ ᠳᠦᠷᠢᠮ ᠲᠣᠭᠲᠠᠭᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠵᠦᠢ ᠵᠣᠬᠢᠰ ᠦᠭᠡᠢ ᠪᠠᠷ ᠭᠠᠷ | ᠲᠦᠷᠦᠭᠦ ᠡᠯ᠎ᠡ ᠵᠦᠢᠯ ᠤᠨ ᠦᠶᠯᠡ ᠠᠵᠢᠯᠯᠠᠭ᠎ᠠ ᠶᠢ ᠡᠷᠡᠰ ᠵᠠᠯᠠᠷᠠᠭᠤᠯᠵᠤ᠂ ᠤᠯᠤᠰ ᠠᠷᠠᠳ ᠤᠨ ᠠᠵᠤ ᠠᠬᠤᠢ ᠶᠢᠨ ᠣᠷᠴᠢᠯ ᠤᠨ ᠰᠠᠭᠠᠳ ᠦᠭᠡᠢ ᠨᠡᠪᠲᠡᠷᠡᠬᠦ ᠶᠢ | ᠠᠬᠢᠭᠤᠯᠤᠨ᠎ᠠ᠃ ︽ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠳᠦᠷᠢᠮ ᠤᠨ ᠬᠡᠷᠡᠭᠵᠢᠭᠦᠯᠬᠦ ᠠᠷᠭ᠎ᠠ︾ ᠶᠢ ᠬᠡᠷᠡᠭᠵᠢᠭᠦᠯᠬᠦ ᠪᠠᠨ ᠲᠦᠷᠭᠡᠪᠴᠢᠯᠡᠨ ᠠᠬᠢᠭᠤᠯᠵᠤ᠂ | ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠶᠡᠷᠦᠩᠬᠡᠢ ᠱᠠᠭᠠᠷᠳᠠᠯᠭ᠎ᠠ᠂ ᠬᠢᠨᠠᠨ ᠪᠠᠶᠢᠴᠠᠭᠠᠬᠤ ᠪᠠᠷᠢᠮᠵᠢᠶ᠎ᠠ᠂ ᠬᠢᠨᠠᠨ ᠪᠠᠶᠢᠴᠠᠭᠠᠬᠤ ᠲᠣᠭᠲᠠᠴᠠ ᠪᠠ ᠬᠢᠨᠠᠯᠲᠠ | ᠲᠠᠯᠪᠢᠵᠤ ᠪᠠᠲᠤᠯᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ᠎ᠠ ᠭᠡᠵᠡᠢ᠃ | ᠵᠠᠰᠠᠭ ᠵᠠᠬᠢᠷᠭᠠᠨ ᠤ ᠡᠷᠬᠡ ᠶᠢ ᠳᠤᠷ᠎ᠠ ᠪᠠᠷ ᠬᠡᠷᠡᠭᠯᠡᠨ ᠥᠷᠢᠰᠦᠯᠳᠦᠭᠡᠨ ᠢ ᠭᠠᠳᠠᠭᠤᠷᠴᠢᠯᠠᠬᠤ᠂ ᠬᠢᠵᠠᠭᠠᠷᠯᠠᠬᠤ ᠪᠠᠶᠢᠳᠠᠯ ᠳᠤ ᠴᠢᠭᠯᠡᠭᠦᠯᠦᠨ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠡᠵᠡᠩᠨᠡᠯᠲᠡ ᠶᠢᠨ ᠭᠤᠣᠯ ᠴᠣᠭᠴᠠ ᠶᠢᠨ ᠲᠤᠰᠬᠠᠯ ᠶᠡᠬᠡᠲᠡᠢ ᠬᠦᠷᠢᠶᠡᠨ ᠳᠤ ᠠᠩᠬᠠᠷᠤᠯ | ᠲᠥᠪᠯᠡᠷᠡᠭᠦᠯᠵᠦ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠤᠨ ᠨᠡᠭᠦᠬᠦ ᠶᠢ ᠬᠢᠵᠠᠭᠠᠷᠯᠠᠬᠤ᠂ | ᠲᠠᠸᠠᠷ ᠤᠨ ᠬᠦᠴᠦᠨ ᠵᠦᠢᠯ ᠤᠨ ᠴᠢᠯᠦᠭᠡᠲᠡᠢ ᠭᠦᠢᠯᠭᠡᠭᠡᠨ ᠢ ᠬᠠᠷᠰᠢᠯᠠᠬᠤ᠂ ᠥᠪᠡᠷ ᠤᠨ ︽ᠪᠠᠭ᠎ᠠ ᠣᠷᠴᠢᠯ︾ ᠲᠠᠢ ᠪᠠᠶᠢᠯᠭᠠᠬᠤ ᠵᠡᠷᠭᠡ ᠠᠵᠢᠯᠯᠠᠭ᠎ᠠ ᠶᠢ ᠡᠷᠡᠰ | ᠵᠠᠯᠠᠷᠠᠭᠤᠯᠵᠤ᠂ ᠤᠯᠤᠰ ᠠᠷᠠᠳ ᠤᠨ ᠠᠵᠤ ᠠᠬᠤᠢ ᠶᠢᠨ ᠣᠷᠴᠢᠯ ᠤᠨ ᠥᠨᠳᠥᠷ ᠪᠦᠲᠦᠮᠵᠢᠲᠡᠶ ᠰᠠᠭᠠᠳ ᠦᠭᠡᠢ ᠨᠡᠪᠲᠡᠷᠡᠬᠦ ᠶᠢ ᠠᠬᠢᠭᠤᠯᠤᠨ᠎ᠠ᠃ | ᠬᠡᠰᠡᠭ ᠭᠠᠵᠠᠷ ᠣᠷᠣᠨ ᠳᠤ ᠢᠯᠡᠷᠡᠵᠦ ᠪᠠᠶᠢᠭ᠎ᠠ ︽ᠨᠢᠭᠡ ᠲᠥᠷᠥᠯ ᠤᠨ ᠬᠡᠷᠡᠭ ᠢ ᠠᠳᠠᠯᠢ ᠪᠤᠰᠤ ᠪᠠᠷ ᠲᠣᠷᠭᠠᠭᠰᠠᠨ︾ ᠪᠠᠶᠢᠳᠠᠯ ᠳᠤ ᠴᠢᠭᠯᠡᠭᠦᠯᠦᠨ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠬᠢᠨᠠᠨ ᠪᠠᠶᠢᠴᠠᠭᠠᠬᠤ ᠲᠣᠪᠴᠢᠶᠠᠨ ᠤ ᠬᠠᠮᠢᠶ᠎ᠠ ᠪᠦᠬᠦᠢ | ᠬᠠᠷᠢᠭᠤᠴᠠᠯᠭᠠᠲᠠᠨ ᠲᠠᠨᠢᠯᠴᠠᠭᠤᠯᠬᠤ ᠳᠤ ᠪᠠᠨ᠂ ︽ᠠᠷᠠᠳ ᠤᠨ ᠲᠥᠯᠥᠭᠡ ᠬᠢᠨᠠᠨ ᠬᠠᠮᠢᠶᠠᠷᠬᠤ ᠣᠨᠣᠯᠵᠢᠬᠤᠨ ᠢ ᠪᠠᠲᠤ ᠪᠣᠢ ᠪᠣᠯᠭᠠᠨ ᠦᠢᠯᠡᠴᠢᠯᠡᠬᠦ ᠬᠡᠯᠪᠡᠷᠢ ᠶᠢᠨ | ᠬᠠᠤᠯᠢ ᠬᠡᠷᠡᠭᠵᠢᠭᠦᠯᠦᠯᠲᠡ ᠶᠢ ᠬᠡᠷᠡᠭᠵᠢᠭᠦᠯᠬᠦ ᠲᠤᠬᠠᠢ ᠵᠢᠯᠤᠭᠤᠳᠬᠤ ᠰᠠᠨᠠᠯ︾ ᠪᠠ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ | ᠠᠵᠢᠯᠯᠠᠭᠠᠨ ᠤ ᠵᠢᠷᠤᠮᠵᠢᠯ︾ ᠢ ᠳᠠᠷᠤᠮᠠᠯᠯᠠᠨ ᠶᠠᠪᠤᠭᠤᠯᠤᠭᠰᠠᠨ ᠤ ᠳᠠᠷᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ︽ᠰᠡᠷᠭᠡᠶᠢᠯᠡᠬᠦ ᠪᠠᠷ | ᠭᠤᠣᠯᠯᠠᠵᠤ᠂ ᠬᠥᠩᠭᠡᠨ ᠲᠣᠷᠭᠠᠭᠤᠯᠢ ᠠᠴᠠ ᠬᠡᠯᠲᠦᠷᠢᠭᠦᠯᠬᠦ᠂ ᠬᠦᠨᠳᠦ ᠪᠠᠷ ᠵᠥᠷᠢᠴᠡᠭᠰᠡᠨ ᠪᠠᠶᠢᠪᠠᠯ ᠴᠢᠩᠭ᠎ᠠ ᠰᠢᠢᠳᠬᠡᠬᠦ᠂ ᠠᠯᠳᠠᠰᠢ ᠪᠠ ᠲᠣᠷᠭᠠᠭᠤᠯᠢ ᠶᠢ ᠲᠡᠩᠨᠡᠭᠦᠯᠬᠦ᠂ | ᠬᠡᠷᠡᠭ ᠤᠨ ᠳᠠᠷᠠᠭ᠎ᠠ ᠰᠤᠷᠪᠤᠯᠵᠢᠯᠠᠬᠤ︾ ᠦᠢᠯᠡᠴᠢᠯᠡᠬᠦ ᠬᠡᠯᠪᠡᠷᠢ ᠶᠢᠨ ᠬᠠᠤᠯᠢ ᠬᠡᠷᠡᠭᠵᠢᠭᠦᠯᠬᠦ ᠬᠡᠪ ᠵᠠᠭᠪᠤᠷ ᠢ ᠬᠦᠴᠦᠯᠡᠨ ᠪᠠᠶᠢᠭᠤᠯᠵᠤ᠂ ᠡᠵᠡᠩᠨᠡᠯᠲᠡ ᠶᠢᠨ ᠭᠤᠣᠯ | ᠴᠣᠭᠴᠠ ᠪᠠ ᠠᠷᠠᠳ ᠤᠯᠠᠨ ᠳᠤ ᠬᠠᠤᠯᠢ ᠬᠡᠷᠡᠭᠵᠢᠭᠦᠯᠬᠦ ᠠᠵᠢᠯᠯᠠᠭ᠎ᠠ ᠪᠣᠯᠭᠠᠨ ᠠᠴᠠ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠦᠵᠡᠭᠦᠯᠵᠦ᠂ ᠬᠠᠤᠯᠢ | ᠬᠡᠷᠡᠭᠵᠢᠭᠦᠯᠬᠦ ᠲᠣᠭᠲᠠᠭᠠᠯ ᠪᠣᠯᠭᠠᠨ ᠠᠴᠠ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠵᠤ ᠪᠠᠶᠢᠨ᠎ᠠ ᠭᠡᠵᠡᠢ᠃ | ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠬᠤ ᠳᠤ ᠬᠤᠳᠠ ᠬᠥᠳᠡᠭᠡ ᠶᠢᠨ ᠰᠠᠭᠠᠳ ᠦᠭᠡᠢ ᠭᠦᠢᠯᠭᠡᠭᠡᠨ ᠤ | ᠲᠣᠭᠲᠠᠯᠴᠠᠭ᠎ᠠ ᠠᠴᠠ ᠰᠠᠯᠵᠤ ᠴᠢᠳᠠᠬᠤ ᠦᠭᠡᠢ ᠶᠤᠮ᠃ ︽ᠬᠤᠲᠠ ᠬᠥᠳᠡᠭᠡ ᠶᠢ ᠨᠠᠪᠲᠠᠷᠡᠭᠦᠯᠵᠦ᠂ ᠭᠦᠢᠯᠭᠡᠭᠡ ᠶᠢ ᠬᠥᠭᠵᠢᠶᠡᠨᠲᠡᠢ ᠪᠣᠯᠭᠠᠬᠤ ᠪᠣᠯ ᠬᠠᠩᠭᠠᠨ | ᠪᠣᠷᠣᠯᠠᠭᠤᠯᠬᠤ ᠬᠤᠷᠰᠢᠶ᠎ᠠ ᠶᠢᠨ ᠭᠤᠣᠯ ᠠᠵᠢᠯ ᠮᠥᠨ᠂ ᠪᠥᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠲᠦᠷᠭᠡᠨ | ᠠᠭᠤᠰᠤᠯᠴᠠᠬᠤ ᠪᠠ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠣᠯ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠡᠳᠦᠪ ᠲᠠᠬᠢ | ᠪᠠᠶᠢᠪᠠᠰᠤ ᠵᠣᠬᠢᠬᠤ ᠠᠭᠤᠯᠭ᠎ᠠ ᠮᠥᠨ᠃︾ ᠭᠡᠵᠦ ᠳᠤᠮᠳᠠᠳᠤ ᠶᠢᠨ ᠪᠦᠬᠦ ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠢ ᠬᠤᠷᠰᠢᠶ᠎ᠠ ᠶᠢᠨ ᠠᠵᠤ ᠠᠬᠤᠢ ᠶᠢᠨ | ᠬᠥᠭᠵᠢᠯᠲᠡ ᠪᠠ ᠥᠭᠡᠷᠡᠴᠢᠯᠡᠯᠲᠡ ᠶᠢᠨ ᠬᠡᠯᠲᠡᠰ ᠤᠨ ᠳᠠᠷᠤᠭ᠎ᠠ ᠮᠠ ᠵᠢᠢ ᠬᠤᠩ ᠬᠡᠯᠡᠪᠡ᠃ | ᠲᠠᠷᠠᠭᠠᠴᠢ ᠶᠢᠨ ᠠᠯᠬᠤᠮ ᠳᠤ᠂ ᠪᠥᠬᠦ ᠰᠢᠰᠲ᠋ᠧᠮ ᠢᠶᠠᠷ ᠢᠶᠠᠨ ︽ᠵᠢᠷᠭᠤᠭᠠᠨ ᠬᠥᠨᠳᠡᠯᠡᠨ ᠲᠤᠯᠤᠭᠠᠨ ᠭᠤᠯᠳᠤ ᠬᠤᠶᠠᠷ ᠬᠥᠪᠡᠭᠡ︾ ᠶᠢᠨ ᠪᠥᠬᠦ ᠤᠯᠤᠰ ᠤᠨ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠭᠦᠢᠯᠭᠡᠭᠡᠨ ᠤ ᠬᠤᠩᠭᠢᠯ ᠳᠤ ᠲᠦᠰᠢᠭᠯᠡᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠭᠦᠢᠯᠭᠡᠭᠡᠨ ᠤ | ᠲᠣᠣᠷ ᠰᠦᠯᠵᠢᠶᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠰᠠᠶᠢᠲᠤᠷ ᠬᠢᠨ᠎ᠡ︔ ᠲᠠᠷᠢᠶᠠᠯᠠᠩ ᠤᠨ ᠪᠦᠲᠦᠭᠡᠭᠳᠡᠬᠦᠨ ᠤ ᠤᠳᠤ ᠦᠶ᠎ᠡ ᠶᠢᠨ ᠭᠦᠢᠯᠭᠡᠭᠡᠨ ᠤ ᠲᠣᠣᠷ | ᠰᠦᠯᠵᠢᠶᠡᠨ ᠤ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ | ᠬᠦᠷᠭᠡᠬᠦ ᠲᠣᠭᠲᠠᠯᠴᠠᠭ᠎ᠠ ᠶᠢ ᠪᠦᠷᠢᠨᠰᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠪᠣᠳᠠᠰ ᠤᠨ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠬᠢᠷᠢ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ︔ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠳᠠᠶᠢᠴᠢᠯᠠᠨ ᠠᠭᠤᠯᠠᠨ ᠭᠠᠵᠠᠷ ᠠᠴᠠ ᠭᠠᠷᠭᠠᠵᠤ᠂ ᠵᠠᠬ᠎ᠠ | ᠳᠡᠯᠭᠡᠭᠦᠷ ᠲᠤ ᠭᠠᠷᠭᠠᠨ᠎ᠠ᠃ | | |