ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠲᠥᠯᠥᠭᠡ ᠦᠷᠭᠦᠯᠵᠢᠯᠡᠨ | ᠲᠡᠮᠡᠴᠡᠬᠦ ᠪᠠᠷ ᠬᠡᠵᠢᠶᠡᠳᠡ ᠪᠡᠯᠡᠬᠡᠨ ᠪᠠᠶᠢᠨ᠎ᠠ ︵ᠠᠷᠠᠳ ᠤᠨ ᠡᠳᠦᠷ ᠤᠨ ᠰᠣᠨᠢᠨ ᠤ ᠬᠤᠷᠢᠶᠠᠨ ᠤ ᠥᠭᠦᠯᠡᠯ︶ — ᠳᠤᠮᠳᠠᠳᠤ ᠤᠯᠤᠰ ᠤᠨ ᠪᠠᠭᠠᠴᠤᠳ ᠤᠨ | ᠬᠤᠰᠢᠭᠤᠴᠢ ᠠᠩᠭᠢ ᠶᠢᠨ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠶ᠎ᠡ | ︽6 · 1︾ ᠤ ᠳᠡᠯᠡᠬᠡᠢ ᠶᠢᠨ ᠬᠡᠦᠬᠡᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ | ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠥᠨᠥᠳᠥᠷ ᠪᠡᠭᠡᠵᠢᠩ ᠳᠤ ᠦᠪᠡᠳᠡᠭᠰᠢ ᠶᠡᠭᠡ ᠪᠠᠷ ᠡᠬᠢᠯᠡᠯ᠎ᠡ᠃ ᠪᠢᠳᠡ ᠶᠡᠭᠡ | ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠪᠠᠭᠠᠴᠤᠳ ᠤᠨ ᠬᠤᠰᠢᠭᠤᠴᠢ ᠠᠩᠭᠢ ᠶᠢᠨ | ᠭᠡᠰᠢᠭᠦᠳ᠂ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠤᠭᠴᠢ᠂ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯᠲᠠᠳ ᠲᠤ ᠴᠢᠩ | ᠰᠡᠳᠬᠢᠯ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ︕ | ᠪᠠᠭᠠᠴᠤᠳ ᠬᠦᠴᠦᠷᠬᠡᠭ ᠪᠣᠯ ᠤᠯᠤᠰ ᠭᠥᠷᠥᠨ ᠬᠦᠴᠦᠷᠬᠡᠭ ᠪᠣᠯᠣᠨ᠎ᠠ᠃ ᠪᠠᠭᠠᠴᠤᠳ ᠬᠡᠦᠬᠡᠳ ᠪᠣᠯ ᠡᠬᠡ ᠤᠯᠤᠰ ᠤᠨ ᠢᠷᠡᠭᠡᠳᠦᠢ᠂ ᠳᠤᠮᠳᠠᠳᠤ ᠶᠢᠨ | ᠦᠨᠳᠦᠰᠦᠲᠡᠨ ᠤ ᠬᠦᠰᠡᠯ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠦᠢᠯᠡᠰ ᠲᠤ | ᠵᠠᠯᠭᠠᠮᠵᠢᠯᠠᠭᠴᠢ ᠲᠠᠢ ᠪᠠᠶᠢᠬᠤ᠂ ᠬᠤᠪᠢᠰᠬᠠᠯᠲᠤ ᠭᠦᠷᠦᠨ ᠤ ᠥᠩᠭᠡ ᠳᠦᠷᠰᠦ ᠥᠨᠢᠳᠡ ᠬᠤᠪᠢᠷᠠᠰᠢ ᠦᠭᠡᠢ ᠪᠠᠶᠢᠬᠤ ᠶᠢ ᠪᠠᠲᠤᠯᠠᠬᠤ ᠪᠠᠶᠢᠯᠳᠤᠬᠤ ᠪᠣᠳᠣᠯᠭ᠎ᠠ ᠶᠢᠨ | ᠥᠨᠳᠥᠷᠴᠡ ᠠᠴᠠ ᠪᠠᠭᠠᠴᠤᠳ ᠬᠡᠦᠬᠡᠳ ᠤᠨ ᠦᠰᠦᠨ ᠪᠣᠶᠢᠵᠢᠵᠤ ᠴᠢᠳᠠᠪᠤᠷᠢᠲᠠᠨ ᠪᠣᠯᠬᠤ ᠶᠢ ᠬᠠᠯᠠᠮᠵᠢᠯᠠᠵᠤ᠂ ᠪᠠᠭᠠᠴᠤᠳ ᠬᠡᠦᠬᠡᠳ ᠪᠠ ᠪᠠᠭᠠᠴᠤᠳ ᠤᠨ | ᠬᠤᠰᠢᠭᠤᠴᠢ ᠠᠩᠭᠢ ᠶᠢᠨ ᠠᠵᠢᠯ ᠢ ᠴᠢᠬᠤᠯᠠᠴᠢᠯᠠᠵᠤ᠂ ᠠᠯᠢ ᠤᠯᠠᠨ ᠴᠢᠬᠤᠯᠠ ᠵᠢᠭᠠᠪᠤᠷᠢ ᠴᠣᠬᠤᠯᠠᠪᠤᠷᠢ ᠭᠠᠷᠭᠠᠵᠤ᠂ ᠰᠢᠨ᠎ᠡ ᠴᠠᠭ ᠦᠶ᠎ᠡ ᠶᠢᠨ ᠨᠠᠮ ᠤᠨ | ᠪᠠᠭᠠᠴᠤᠳ ᠤᠨ ᠠᠵᠢᠯ ᠦᠢᠯᠡᠰ ᠤᠨ ᠴᠢᠬᠤᠯᠠ ᠶᠡᠭᠡ ᠠᠮᠵᠢᠯᠲᠠ ᠣᠯᠬᠤ ᠶᠢ ᠵᠢᠭᠠᠨ ᠵᠢᠯᠣᠭᠤᠳᠪᠠ᠃ ᠢᠯᠠᠩᠭᠤᠶ᠎ᠠ ᠨᠠᠢᠮᠠᠳᠤᠭᠠᠷ ᠤᠳᠠᠭ᠎ᠠ ᠶᠢᠨ ᠪᠦᠬᠦ ᠤᠯᠤᠰ ᠤᠨ | ᠪᠠᠭᠠᠴᠤᠳ ᠤᠨ ᠬᠤᠰᠢᠭᠤᠴᠢ ᠠᠩᠭᠢ ᠶᠢᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠭᠠᠰᠢ᠂ ᠪᠠᠭᠠᠴᠤᠳ ᠤᠨ ᠬᠤᠰᠢᠭᠤᠴᠢ ᠠᠩᠭᠢ ᠶᠢᠨ ᠬᠢᠨ ᠢ ᠡᠪ ᠬᠠᠮᠲᠤ | ᠶᠣᠰᠣᠨ ᠤ ᠵᠠᠯᠭᠠᠮᠵᠢᠯᠠᠭᠴᠢ ᠪᠠᠷ ᠬᠥᠮᠥᠵᠢᠭᠦᠯᠬᠦ ᠦᠨᠳᠦᠰᠦᠨ ᠡᠭᠦᠷᠭᠡ ᠳᠤ ᠠᠩᠬᠠᠷᠤᠯ ᠲᠥᠪᠯᠡᠷᠡᠭᠦᠯᠵᠦ᠂ ᠦᠵᠡᠯ ᠰᠠᠨᠠᠭ᠎ᠠ ᠤᠯᠤᠰ ᠲᠦᠷᠦ ᠪᠠᠷ ᠬᠥᠲᠥᠯᠥᠨ | ᠵᠢᠯᠤᠭᠤᠳᠬᠤ ᠶᠢ ᠶᠡᠭᠡ ᠪᠠᠷ ᠴᠢᠩᠭᠠᠳᠬᠠᠵᠤ᠂ ᠪᠠᠭᠠᠴᠤᠳ ᠤᠨ ᠬᠤᠰᠢᠭᠤᠴᠢ ᠠᠩᠭᠢ ᠳᠤ ᠲᠣᠬᠢᠷᠠᠭᠰᠠᠨ ᠣᠨᠴᠠᠯᠢᠭᠲᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ | ᠨᠠᠮ ᠳᠤ ᠪᠠᠨ ᠬᠥᠮᠥᠨ ᠬᠥᠮᠥᠵᠢᠭᠦᠯᠬᠦ᠂ ᠤᠯᠤᠰ ᠲᠤ ᠪᠠᠨ ᠴᠢᠳᠠᠪᠤᠷᠢᠲᠠᠨ ᠬᠥᠮᠥᠵᠢᠭᠦᠯᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠪᠠᠭᠠᠴᠤᠳ ᠤᠨ | ᠬᠤᠰᠢᠭᠤᠴᠢ ᠠᠩᠭᠢ ᠶᠢᠨ ᠥᠷᠭᠡᠨ ᠣᠯᠠᠨ ᠭᠡᠰᠢᠭᠦᠳ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ᠂ ᠪᠡᠶ᠎ᠡ ᠪᠠᠨ ᠳᠠᠭᠠᠭᠠᠵᠤ ᠬᠦᠴᠦᠷᠬᠡᠭᠵᠢᠬᠦ᠂ ᠥᠭᠡᠳᠡᠯᠡᠨ | ᠲᠠᠪᠰᠢᠬᠤ ᠪᠠᠷ ᠬᠦᠴᠦᠯᠡᠨ ᠴᠢᠷᠮᠠᠶᠢᠵᠤ ᠪᠠᠶᠢᠭ᠎ᠠ ᠴᠤᠭ ᠪᠠᠳᠠᠷᠠᠩᠭᠤᠢ ᠰᠦᠷ ᠵᠢᠪᠬᠤᠭ᠎ᠠ ᠪᠠᠨ ᠢᠯᠡᠷᠡᠭᠦᠯᠦᠭᠰᠡᠨ ᠪᠠᠶᠢᠨ᠎ᠠ᠃ | ᠠᠭᠤᠤ ᠶᠡᠭᠡ ᠴᠠᠭ ᠦᠶ᠎ᠡ ᠳᠤ ᠲᠥᠷᠥᠵᠦ ᠥᠰᠴᠦ᠂ ᠨᠠᠮ ᠤᠨ ᠢᠪᠡᠭᠡᠯ ᠬᠠᠶᠢᠷ᠎ᠠ ᠶᠢ ᠬᠦᠷᠲᠡᠵᠦ ᠪᠠᠶᠢᠭ᠎ᠠ ᠪᠠᠭᠠᠴᠤᠳ ᠤᠨ ᠬᠤᠰᠢᠭᠤᠴᠢ ᠠᠩᠭᠢ ᠶᠢᠨ | ᠭᠡᠰᠢᠭᠦᠳ ᠪᠣᠯ ᠵᠣᠯ ᠵᠢᠷᠭᠠᠯ ᠲᠠᠢ ᠨᠢᠭᠡ ᠦᠶ᠎ᠡ ᠶᠢᠨ ᠬᠢᠨ᠂ ᠮᠥᠨ ᠴᠦ ᠬᠦᠨᠳᠦ ᠡᠭᠦᠷᠭᠡ ᠶᠢ ᠡᠭᠦᠷᠭᠡᠯᠡᠵᠦ ᠪᠠᠶᠢᠭ᠎ᠠ ᠨᠢᠭᠡ ᠦᠶ᠎ᠡ ᠶᠢᠨ ᠬᠢᠨ ᠪᠣᠯᠣᠨ᠎ᠠ᠃ | ᠣᠳᠣᠬᠠᠨ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠢᠵᠠᠭᠠᠯᠠᠰᠢ ᠦᠭᠡᠢ ᠭᠡᠷᠡᠯ ᠰᠠᠴᠤᠷᠠᠩᠭᠤᠢ ᠢᠷᠡᠭᠡᠳᠦᠢ ᠶᠢᠨ ᠲᠥᠯᠥᠪ ᠢᠯᠡᠷᠡᠵᠦ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠ ᠨᠡᠶᠢᠭᠡᠮ ᠵᠢᠷᠤᠮᠲᠤ ᠪᠠᠶᠢᠭᠤᠯᠤᠯ ᠳᠤ ᠢᠯᠡᠳᠲᠡ ᠳᠠᠪᠠᠭᠤᠯᠢᠭ ᠲᠠᠢ ᠪᠠᠶᠢᠳᠠᠭ ᠪᠣᠯᠬᠤᠷ | ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠠᠮᠢᠳᠤᠷᠠᠵᠤ ᠪᠠᠶᠢᠭ᠎ᠠ ᠦᠨᠳᠦᠰᠦᠲᠡᠨ ᠨᠦᠭᠦᠳ ᠤᠨ ᠬᠡᠦᠬᠡᠳ ᠤᠯᠠᠮ ᠠᠴᠠ ᠤᠯᠠᠮ ᠵᠣᠯ ᠵᠢᠷᠭᠠᠯ ᠲᠠᠢ | ᠪᠣᠯᠵᠤ᠂ ᠨᠡᠩ ᠰᠠᠶᠢᠨ ᠰᠠᠶᠢᠬᠠᠨ ᠢᠷᠡᠭᠡᠳᠦᠢ ᠲᠠᠢ ᠪᠣᠯᠬᠤ ᠨᠢ ᠯᠠᠪᠲᠠᠢ ᠶᠤᠮ᠃ ᠥᠨᠥᠳᠥᠷ ᠤᠨ ᠪᠠᠭᠠᠴᠤᠳ ᠬᠡᠦᠬᠡᠳ ᠪᠣᠯ ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠵᠠᠯᠭᠠᠮᠵᠢᠯᠠᠭᠴᠢ ᠪᠠ ᠢᠷᠡᠭᠡᠳᠦᠢ ᠶᠢᠨ ᠭᠤᠣᠯ ᠬᠦᠴᠦᠨ ᠮᠥᠨ᠃ | ᠢᠷᠠᠭᠤ ᠠᠯᠳᠠᠷᠲᠤ ᠬᠦᠰᠡᠯ ᠢᠶᠠᠨ ᠪᠡᠶᠡᠯᠡᠭᠦᠯᠵᠦ᠂ ᠠᠤᠭ᠎ᠠ ᠶᠡᠭᠡ ᠦᠢᠯᠡᠰ ᠢ ᠠᠬᠢᠭᠤᠯᠬᠤ ᠳᠤ᠂ ᠢᠷᠡᠭᠡᠳᠦᠢ ᠳᠤ ᠪᠠᠭᠠᠴᠤᠳ ᠬᠡᠦᠬᠡᠳ ᠤᠨ ᠦᠷᠭᠦᠯᠵᠢᠯᠡᠨ ᠲᠡᠮᠡᠴᠡᠬᠦ ᠳᠤ | ᠲᠦᠰᠢᠭᠯᠡᠨ᠎ᠡ᠃ ᠬᠠᠷᠠᠬᠠᠨ ᠪᠠᠭ᠎ᠠ ᠠᠴᠠ ᠪᠠᠨ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠪᠠᠯᠴᠢᠷ ᠪᠠᠭ᠎ᠠ ᠠᠴᠠ ᠪᠠᠨ ᠠᠯᠤᠰ ᠤᠨ ᠵᠣᠷᠢᠯᠲᠠ ᠪᠠᠨ | ᠲᠣᠭᠲᠠᠭᠠᠵᠤ᠂ ᠰᠠᠶᠢᠨ ᠰᠠᠶᠢᠬᠠᠨ ᠴᠠᠭ ᠮᠥᠴᠡ ᠪᠠᠨ ᠨᠠᠨᠳᠢᠩᠨᠠᠨ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠵᠡᠷᠭᠡ | ᠪᠦᠬᠦ ᠲᠠᠯ᠎ᠠ ᠪᠠᠷ ᠬᠥᠭᠵᠢᠭᠰᠡᠨ ᠰᠠᠶᠢᠨ ᠬᠡᠦᠬᠡᠳ ᠠᠴᠠ ᠪᠠᠨ ᠥᠭᠡᠯᠡᠢ ᠲᠣᠮᠣ ᠪᠣᠯᠪᠠᠯ ᠰᠠᠶ᠋ᠢ ᠶᠡᠭᠡ ᠡᠭᠦᠷᠭᠡ ᠶᠢ ᠡᠭᠦᠷᠭᠡᠯᠡᠵᠦ ᠴᠢᠳᠠᠬᠤ ᠲᠤᠯᠭᠠᠭᠤᠷᠢ ᠬᠦᠴᠦᠨ ᠪᠣᠯᠵᠤ | ᠴᠢᠳᠠᠨ᠎ᠠ᠃ | ᠪᠠᠭᠠᠴᠤᠳ ᠬᠡᠦᠬᠡᠳ ᠵᠣᠷᠢᠭ ᠲᠠᠢ ᠪᠣᠯᠪᠠᠰᠤ ᠤᠯᠤᠰ ᠭᠥᠷᠥᠨ ᠬᠦᠰᠡᠯ ᠢᠷᠡᠭᠡᠳᠦᠢ ᠲᠠᠢ ᠪᠣᠯᠣᠮᠤᠢ︔ ᠪᠠᠭᠠᠴᠤᠳ ᠬᠡᠦᠬᠡᠳ ᠥᠭᠡᠳᠡᠯᠡᠪᠡᠯ ᠤᠯᠤᠰ | ᠭᠥᠷᠥᠨ ᠬᠥᠭᠵᠢᠨ᠎ᠡ᠃ ᠠᠭᠤᠤ ᠶᠡᠭᠡ ᠬᠦᠰᠡᠯ ᠢᠷᠡᠭᠡᠳᠦᠢ ᠲᠠ ᠨᠠᠷ ᠤᠨ ᠬᠦᠴᠦᠯᠡᠨ ᠴᠢᠷᠮᠠᠶᠢᠬᠤ ᠶᠢ ᠳᠠᠯᠠᠯᠤᠨ ᠤᠷᠢᠶᠠᠯᠠᠵᠤ᠂ ᠨᠠᠮ ᠪᠠ ᠠᠷᠠᠳ ᠲᠦᠮᠡᠨ ᠲᠠ ᠨᠠᠷ ᠤᠨ | ᠲᠣᠷᠨᠢᠨ ᠪᠣᠶᠢᠵᠢᠬᠤ ᠶᠢ ᠴᠢᠩ ᠰᠡᠳᠬᠢᠯ ᠠᠴᠠ ᠪᠠᠨ ᠬᠦᠰᠡᠨ ᠵᠥᠩᠨᠡᠵᠦ ᠪᠠᠶᠢᠨ᠎ᠠ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠤᠨ ᠲᠥᠯᠥᠭᠡ ᠦᠷᠭᠦᠯᠵᠢᠯᠡᠨ ᠲᠡᠮᠡᠴᠡᠬᠦ ᠪᠠᠷ ᠴᠠᠭ ᠢᠮᠠᠭᠲᠠ ᠪᠡᠯᠡᠬᠡᠨ ᠪᠠᠶᠢᠪᠠᠯ᠂ ᠪᠠᠭᠠᠴᠤᠳ ᠬᠡᠦᠬᠡᠳ ᠯᠠᠪᠳᠠᠶ᠎ᠠ ᠬᠦᠰᠡᠯ ᠡᠷᠡᠮᠡᠯᠵᠡᠯ ᠪᠠ ᠪᠤᠯᠪᠠᠷᠠᠢ ᠰᠠᠶᠢᠬᠠᠨ | ᠪᠠᠯᠴᠢᠷ ᠨᠠᠰᠤ ᠪᠠᠨ ᠬᠥᠰᠡᠷᠳᠡᠭᠦᠯᠬᠦ ᠦᠭᠡᠢ ᠪᠠᠶᠢᠵᠤ᠂ ᠤᠯᠠᠭᠠᠨ ᠪᠦᠴᠡᠨ ᠳᠤ ᠪᠠᠨ ᠰᠢᠨ᠎ᠡ ᠴᠠᠭ ᠦᠶ᠎ᠡ ᠶᠢᠨ ᠢᠷᠠᠭᠤ ᠠᠯᠳᠠᠷ ᠢ ᠨᠡᠮᠡᠷᠢᠯᠡᠬᠦ ᠪᠣᠯᠣᠨ᠎ᠠ᠃ | | |