5 ᠰᠠᠷ᠎ᠠ ᠶᠢᠨ 26 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ | ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠦᠢᠵᠧᠦ᠂ ᠶᠦᠨᠨᠠᠨ᠂ ᠾᠧᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠣᠯᠠᠨ ᠲᠦᠮᠡᠨ ᠪᠣᠯᠣᠨ ᠦᠨᠳᠦᠰᠦᠨ ᠱᠠᠲᠤᠨ ᠤ ᠬᠠᠨᠤᠮᠵᠢ ᠲᠠᠢ ᠪᠠᠶᠢᠬᠤ ᠬᠡᠮᠵᠢᠶ᠎ᠡ ᠪᠠᠷ ᠰᠤᠷᠤᠯᠴᠠᠯᠭ᠎ᠠ ᠬᠥᠮᠦᠵᠢᠯ ᠤᠨ ᠦᠷ᠎ᠡ | ᠪᠦᠲᠦᠮᠵᠢ ᠶᠢ ᠰᠢᠯᠭᠠᠨ ᠪᠠᠶᠢᠴᠠᠭᠠᠵᠤ᠂ ᠲᠥᠪ ᠤᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠵᠤ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠬᠤ | ᠠᠰᠠᠭᠤᠳᠠᠯ ᠢ ᠡᠷᠡᠰ ᠰᠠᠶᠢᠲᠤᠷ ᠠᠳᠬᠤᠵᠤ᠂ ᠰᠤᠷᠤᠯᠴᠠᠯᠭ᠎ᠠ ᠬᠥᠮᠦᠵᠢᠯ ᠢᠶᠠᠷ ᠲᠠᠮᠵᠢᠨ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠴᠢᠩᠭ᠎ᠠ ᠪᠣᠳᠠᠲᠠᠢ ᠠᠬᠢᠭᠤᠯᠵᠤ᠂ | ᠬᠥᠯᠥᠰᠦᠨ ᠮᠠᠯᠴᠢᠨ ᠲᠠᠷᠢᠶᠠᠴᠢᠨ ᠤ ᠴᠠᠯᠢᠩ ᠬᠥᠯᠥᠰᠦ ᠪᠣᠯᠣᠨ ᠠᠵᠤ ᠠᠬᠤᠶᠢᠯᠠᠯ ᠤᠨ ᠲᠠᠩᠰᠠᠨ ᠳᠠᠬᠢ ᠵᠣᠭᠤᠰ ᠢ ᠥᠷᠢᠲᠦᠵᠦ ᠪᠠᠶᠢᠭ᠎ᠠ ᠵᠡᠷᠭᠡ ᠠᠰᠠᠭᠤᠳᠠᠯ ᠢ | ᠰᠠᠶᠢᠲᠤᠷ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠠᠵᠢᠯ ᠤᠨ ᠡᠷᠴᠢᠮ ᠢᠶᠠᠨ ᠲᠠᠭᠢᠨ ᠲᠦᠷᠭᠡᠳᠬᠡᠵᠦ᠂ ᠲᠠᠪᠤᠨ ᠶᠡᠭᠡ ᠡᠭᠦᠷᠭᠡ ᠪᠣᠯᠣᠨ | ᠵᠢᠷᠭᠤᠭᠠᠨ ᠢᠨᠵᠧᠨᠧᠷᠢᠩ᠂ ᠵᠢᠷᠭᠤᠭᠠᠨ ᠠᠵᠢᠯᠯᠠᠭ᠎ᠠ ᠳᠤ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ | ᠪᠠᠶᠢᠳᠠᠯ ᠢ ᠰᠣᠨᠣᠰᠴᠤ᠂ ᠴᠢᠳᠠᠬᠤ ᠶᠢᠨ ᠬᠢᠷᠢ ᠪᠠᠷ ᠲᠦᠷᠭᠡᠨ ᠬᠢᠬᠦ ᠶᠢ ᠪᠠᠷᠢᠮᠲᠠᠯᠠᠵᠤ᠂ ᠴᠠᠭ ᠤᠨ ᠬᠦᠰᠦᠨᠦᠭᠲᠦ᠂ ᠪᠠᠷᠢᠯᠭ᠎ᠠ ᠶᠢᠨ ᠵᠢᠷᠤᠭ ᠲᠠᠢ ᠬᠠᠷᠭᠤᠭᠤᠯᠤᠨ ᠴᠢᠬᠤᠯᠠ | ᠶᠡᠭᠡ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠤᠯᠤᠰ ᠤᠨ ᠶᠠᠮᠤᠨ ᠵᠥᠪᠯᠡᠯ ᠲᠠᠢ ᠢᠳᠡᠪᠬᠢᠲᠡᠢ ᠵᠣᠯᠭᠠᠭᠤᠯᠵᠤ ᠲᠥᠷᠥ ᠶᠢᠨ | ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠦᠨᠳᠦᠰᠦᠨ ᠱᠠᠲᠤ ᠶᠢ ᠦᠨᠡᠨ ᠬᠦ ᠬᠠᠪᠰᠤᠷᠴᠤ ᠠᠵᠢᠯ ᠤᠨ ᠳᠤᠮᠳᠠᠬᠢ ᠬᠦᠴᠢᠷ ᠠᠰᠠᠭᠤᠳᠠᠯ ᠢ ᠨᠢ | ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠦᠲᠦᠭᠡᠨ ᠪᠠᠶᠢᠭᠤᠯᠵᠤ ᠪᠠᠶᠢᠭ᠎ᠠ ᠭᠡᠷ ᠪᠠᠶᠢᠰᠢᠩ ᠤᠨ ᠬᠤᠲᠠ ᠶᠢᠨ ᠶᠠᠪᠤᠳᠠᠯ ᠤᠨ ᠢᠨᠵᠧᠨᠧᠷᠢᠩ᠂ ᠵᠠᠮ ᠬᠠᠷᠢᠯᠴᠠᠭᠠᠨ ᠤ ᠬᠦᠷᠢᠶᠡᠨ ᠳᠠᠬᠢ | ᠴᠠᠯᠢᠩ ᠥᠷᠢᠲᠦᠬᠦ ᠠᠰᠠᠭᠤᠳᠠᠯ ᠢ ᠵᠠᠰᠠᠬᠤ ᠠᠵᠢᠯ ᠢ ᠰᠤᠳᠤᠯᠵᠤ᠂ ᠪᠦᠭᠦ ᠪᠠᠶᠢᠳᠠᠯ ᠢ ᠭᠦᠨᠵᠡᠭᠡᠢ ᠣᠶᠢᠯᠠᠭᠠᠨ᠂ ᠪᠣᠳᠠᠲᠠᠢ ᠲᠤᠭ᠎ᠠ ᠶᠢ ᠪᠦᠭᠦ ᠰᠢᠰᠲ᠋ᠧᠮ ᠢᠶᠠᠷ ᠡᠵᠡᠮᠰᠢᠵᠦ᠂ | ᠡᠯ᠎ᠡ ᠱᠠᠲᠤᠨ ᠤ ᠵᠠᠰᠠᠭ ᠤᠨ ᠣᠷᠳᠣᠨ ᠴᠠᠭ ᠲᠤᠬᠠᠢ ᠳᠤᠨᠢ ᠪᠡᠯᠡ ᠮᠥᠩᠭᠦ ᠶᠢ ᠰᠠᠯᠭᠠᠨ ᠥᠭᠴᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠮᠠᠭᠤ ᠰᠠᠨᠠᠭ᠎ᠠ ᠪᠠᠷ | ᠵᠣᠷᠢᠭᠤᠳᠠ ᠴᠠᠯᠢᠩ ᠥᠷᠢᠲᠦᠬᠦ ᠦᠶᠯᠡ ᠠᠵᠢᠯᠯᠠᠭ᠎ᠠ ᠳᠤ ᠡᠷᠡᠰ ᠴᠣᠬᠢᠯᠲᠠ ᠥᠭᠬᠦ ᠬᠡᠷᠡᠭᠲᠡᠢ᠃ ᠬᠥᠯᠥᠰᠦᠨ ᠮᠠᠯᠴᠢᠨ ᠲᠠᠷᠢᠶᠠᠴᠢᠨ ᠤ ᠴᠠᠯᠢᠩ ᠢ ᠥᠭᠬᠦ ᠪᠢᠲᠡᠭᠦᠦ | ᠭᠤᠭᠴᠣᠭᠠᠲᠤ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠴᠠᠯᠢᠩ ᠥᠷᠢᠲᠦᠬᠦ ᠠᠰᠠᠭᠤᠳᠠᠯ ᠢ ᠡᠬᠢ ᠡᠭᠦᠰᠦᠯ ᠠᠴᠠ ᠨᠢ ᠰᠡᠷᠭᠡᠶᠢᠯᠡᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠮᠥᠩᠭᠦᠨ ᠭᠦᠢᠯᠭᠡᠭᠡᠨ ᠤ ︽ᠲᠠᠪᠤᠨ ᠶᠡᠭᠡ ᠠᠵᠢᠯ︾ ᠢ ᠰᠠᠶᠢᠲᠤᠷ ᠬᠢᠬᠦ ᠲᠤᠬᠠᠢ ᠬᠡᠷᠡᠭᠵᠢᠭᠦᠯᠬᠦ ᠰᠠᠨᠠᠯ ᠢ ᠬᠢᠨᠠᠨ ᠵᠥᠪᠯᠡᠵᠦ᠂ ᠲᠥᠪ ᠤᠨ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠮᠦᠷᠳᠡᠨ ᠨᠠᠶᠢᠳᠠᠪᠤᠷᠢᠵᠢᠭᠤᠯᠵᠤ᠂ ᠠᠰᠠᠭᠤᠳᠠᠯ ᠢ ᠰᠢᠢᠳᠪᠦᠷᠢᠯᠡᠬᠦ ᠪᠠᠷ ᠵᠢᠯᠣᠭᠤᠳᠤᠮᠵᠢ ᠪᠤᠯᠭᠠᠵᠤ᠂ ᠡᠯ᠎ᠡ ᠵᠦᠢᠯ ᠤᠨ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠰᠠᠶᠢᠲᠤᠷ | ᠬᠡᠷᠡᠭᠵᠢᠭᠦᠯᠵᠦ᠂ ᠵᠠᠰᠠᠭ ᠪᠠᠩᠬᠢ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠪᠠᠩᠬᠢ ᠠᠴᠠ ᠬᠡᠨ ᠳᠤ ᠵᠢᠭᠡᠯᠡᠯᠭᠡ ᠲᠠᠯᠪᠢᠬᠤ᠂ ᠠᠵᠤ | ᠠᠬᠤᠶᠢᠯᠠᠯ ᠬᠡᠨ ᠢ ᠡᠷᠢᠵᠦ ᠵᠢᠭᠡᠯᠡᠯᠭᠡ ᠠᠪᠬᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠵᠢᠭᠡᠯᠡᠯᠭᠡ ᠶᠢ ᠨᠠᠶᠢᠳᠠᠪᠤᠷᠢᠵᠢᠭᠤᠯᠬᠤ ᠳᠤᠮᠳᠠᠬᠢ ᠲᠦᠭᠵᠢᠷᠡᠯ ᠴᠡᠭ ᠢ | ᠠᠷᠢᠯᠭᠠᠨ᠂ ᠡᠵᠡᠩᠨᠡᠯᠲᠡ ᠶᠢᠨ ᠭᠤᠣᠯ ᠴᠣᠭᠴᠠ ᠶᠢᠨ ᠬᠥᠭᠵᠢᠯᠲᠡ ᠳᠤ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠠᠵᠢᠯ ᠤᠨ ᠲᠥᠰᠥᠯ ᠢ ᠬᠢᠨᠠᠨ | ᠵᠥᠪᠯᠡᠵᠦ᠂ ᠨᠡᠭᠦᠷᠡᠰᠦᠲᠥ᠋ᠷᠥᠭᠴᠢ ᠦᠭᠡᠢ ᠬᠦᠷᠢᠶᠡᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ | ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ︽ᠲᠠᠰ ᠳᠡᠪᠰᠢᠭᠰᠡᠨ ᠬᠡᠪᠯᠡᠯ︾ ᠤᠨ ᠠᠵᠢᠯ ᠢ ᠰᠠᠶᠢᠲᠤᠷ ᠬᠢᠵᠦ᠂ ᠠᠵᠢᠯ | ᠲᠥᠷᠥᠯ ᠤᠨ ᠪᠠᠷᠢᠮᠵᠢᠶ᠎ᠠ ᠶᠢ ᠲᠣᠭᠲᠠᠭᠠᠬᠤ ᠵᠡᠷᠭᠡ ᠲᠠᠯ᠎ᠠ ᠪᠠᠷ ᠣᠯᠠᠨ ᠲᠤᠷᠰᠢᠯᠭ᠎ᠠ ᠬᠤᠷᠠᠮᠳᠤᠭᠤᠯᠵᠤ᠂ ᠬᠡᠪ ᠳᠠᠭᠤᠷᠢᠶᠠᠯ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ | | ᠬᠤᠷᠠᠯ ᠠᠴᠠ ᠪᠠᠰᠠ ᠰᠢᠨ᠎ᠡ ᠡᠨᠧᠷᠭᠢ ᠶᠢᠨ ᠲᠣᠣᠷ ᠲᠤ ᠨᠡᠶᠢᠯᠡᠭᠦᠯᠦᠭᠰᠡᠨ ᠴᠠᠭᠢᠯᠭᠠᠨ ᠤ ᠦᠨ᠎ᠡ ᠶᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢᠨ | ᠶᠠᠪᠤᠳᠠᠯ ᠢ ᠰᠤᠳᠤᠯᠪᠠ᠃ |