2025 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ | ᠲᠣᠪᠴᠢᠶ᠎ᠠ ︽ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ︾ ᠢᠶᠠᠷ ᠵᠢᠯᠣᠭᠤᠳᠤᠮᠵᠢ ᠪᠣᠯᠭᠠᠵᠤ᠂ ᠪᠠᠷᠢᠮᠵᠢᠶᠠᠵᠢᠭᠤᠯᠤᠭᠰᠠᠨ ︽ᠪᠥᠬᠦ ᠴᠤᠪᠤᠷᠠᠯ ᠢᠶᠠᠷ ᠨᠢ ᠣᠷᠣᠯᠠᠨ | ᠭᠦᠢᠴᠡᠳᠬᠡᠬᠦ︾ ᠦᠢᠯᠡᠴᠢᠯᠡᠭᠡᠨ ᠤ ᠲᠣᠭᠲᠠᠯᠴᠠᠭ᠎ᠠ ᠶᠢ ᠪᠥᠬᠦ ᠲᠠᠯ᠎ᠠ ᠪᠠᠷ ᠪᠠᠶᠢᠭᠤᠯᠤᠨ᠂ ᠪᠥᠬᠦ ᠣᠷᠣᠨ ᠳᠤ ︽ᠪᠥᠬᠦ ᠴᠤᠪᠤᠷᠠᠯ ᠢᠶᠠᠷ ᠨᠢ ᠣᠷᠣᠯᠠᠨ ᠭᠦᠢᠴᠡᠳᠬᠡᠬᠦ︾ | ᠦᠢᠯᠡᠴᠢᠯᠡᠭᠡ ᠶᠢ ᠨᠡᠶᠢᠲᠡ 6 ᠲᠦᠮᠡ ᠭᠠᠷᠤᠢ ᠤᠳᠠᠭ᠎ᠠ ᠥᠷᠨᠢᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠦᠢᠯᠡᠴᠢᠯᠡᠭᠡ ᠭᠦᠢᠴᠡᠳᠬᠡᠭᠰᠡᠨ ᠬᠡᠮᠵᠢᠶ᠎ᠡ 15 | ᠲᠦᠮᠡᠨ ᠬᠤᠪᠢ ᠤᠳᠠᠭ᠎ᠠ ᠶᠢ ᠳᠠᠪᠠᠵᠤ᠂ ᠰᠢᠨ᠎ᠡ ᠪᠠᠷ ᠡᠷᠬᠢᠯᠡᠨ ᠨᠡᠭᠡᠭᠡᠬᠦ ᠠᠵᠤ ᠠᠬᠤᠶᠢᠯᠠᠯ ᠳᠤ ᠰᠦᠢᠳᠬᠡᠯ ᠬᠤᠷᠢᠶᠠᠬᠤ ᠦᠭᠡᠢ ᠦᠢᠯᠡᠴᠢᠯᠡᠭᠡ ᠪᠠ ᠮᠠᠲ᠋ᠧᠷᠢᠶᠠᠯ ᠢ | 6000 ᠭᠠᠷᠤᠢ ᠬᠤᠪᠢ ᠬᠠᠩᠭᠠᠵᠤ᠂ ᠠᠵᠤ ᠠᠬᠤᠶᠢᠯᠠᠯ ᠳᠤ ᠠᠵᠢᠯ ᠶᠠᠪᠤᠳᠠᠯ ᠭᠦᠢᠴᠡᠳᠬᠡᠬᠦ ᠪᠠᠨ ᠲᠦᠷᠭᠡᠳᠬᠡᠵᠦ ᠦᠷ᠎ᠡ ᠠᠰᠢᠭ ᠨᠡᠮᠡᠭᠳᠡᠭᠦᠯᠬᠦ ᠳᠤ ᠨᠢ ᠬᠦᠴᠦᠨ | ᠨᠡᠮᠡᠷᠢᠯᠡᠪᠡ᠃ ᠨᠢᠭᠡ ᠳᠤ᠂ ᠲᠣᠭᠲᠠᠴᠠ ᠪᠠᠶᠢᠭᠤᠯᠤᠨ ᠲᠣᠭᠲᠠᠯᠴᠠᠭ᠎ᠠ ᠶᠢ ᠴᠢᠩᠭᠠᠳᠬᠠᠵᠤ᠂ ᠦᠢᠯᠡᠴᠢᠯᠡᠭᠡᠨ ᠤ ᠰᠠᠭᠤᠷᠢ ᠪᠠᠨ ᠪᠠᠲᠤᠳᠬᠠᠪᠠ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ 2025 ᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠦᠨ ᠰᠠᠶᠢᠵᠢᠷᠠᠭᠤᠯᠬᠤ ᠠᠵᠢᠯᠯᠠᠭᠠᠨ ᠤ ᠬᠡᠷᠡᠭᠵᠢᠭᠦᠯᠬᠦ | ᠲᠥᠰᠥᠯ︾ ᠢ ᠳᠠᠷᠤᠮᠠᠯᠯᠠᠨ ᠶᠠᠪᠤᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠬᠤᠯᠪᠤᠭᠠᠯᠠᠨ ᠬᠥᠳᠡᠯᠦᠯᠴᠡᠬᠦ | ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠵᠤ᠂ ᠲᠤᠰᠬᠠᠶᠢᠵᠢᠭᠰᠠᠨ ᠣᠷᠣᠯᠠᠨ ᠭᠦᠢᠴᠡᠳᠬᠡᠬᠦ ᠡᠩᠨᠡᠭᠡ ᠶᠢ 135 ᠵᠣᠬᠢᠶᠠᠨ ᠪᠠᠶᠢᠭᠤᠯᠵᠤ᠂ ᠣᠷᠣᠯᠠᠨ ᠭᠦᠢᠴᠡᠳᠬᠡᠬᠦ | ᠲᠤᠰᠬᠠᠢ ᠠᠵᠢᠯᠲᠠᠨ ᠢ 2425 ᠲᠣᠬᠢᠷᠠᠭᠤᠯᠤᠨ᠂ ︽ᠬᠥᠨᠳᠡᠯᠡᠨ ᠴᠢᠭᠯᠡᠯ ᠢᠶᠠᠷ ᠬᠠᠮᠵᠢᠯᠴᠠᠵᠤ᠂ ᠭᠤᠯᠳᠤ ᠴᠢᠭᠯᠡᠯ ᠢᠶᠠᠷ ᠨᠡᠪᠲᠡᠷᠡᠭᠦᠯᠬᠦ︾ ᠦᠢᠯᠡᠴᠢᠯᠡᠭᠡᠨ ᠤ ᠪᠠᠶᠢᠷᠢᠰᠢᠯ ᠢ | ᠪᠣᠶ ᠪᠣᠯᠭᠠᠪᠠ᠃ ᠡᠭᠦᠨ ᠤ ᠳᠠᠭᠠᠤ ᠳᠤ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 124 ᠲᠥᠪ ᠤᠨ ᠠᠵᠤ ᠠᠬᠤᠶᠢᠯᠠᠯ ᠤᠨ ᠦᠢᠯᠡᠴᠢᠯᠡᠭᠡᠨ ᠤ | ᠲᠤᠰᠬᠠᠢ ᠲᠣᠭᠤᠷᠢᠭ ᠤᠨ ᠴᠢᠳᠠᠮᠵᠢ ᠶᠢ ᠥᠷᠭᠡᠳᠬᠡᠨ ᠳᠡᠰ ᠳᠡᠪᠰᠢᠭᠦᠯᠬᠦ ᠶᠢ ᠠᠬᠢᠭᠤᠯᠤᠭᠰᠠᠨ ᠤ ᠬᠠᠮᠲᠤ᠂ ᠣᠷᠣᠯᠠᠨ ᠭᠦᠢᠴᠡᠳᠬᠡᠬᠦ ᠦᠢᠯᠡᠴᠢᠯᠡᠭᠡᠨ ᠤ | ᠬᠠᠷᠠᠭᠠᠰᠤ ᠠᠴᠠ ᠭᠤᠣᠯᠳᠠᠯᠭ᠎ᠠ ᠪᠣᠯᠬᠤ ᠰᠢᠨ᠎ᠡ ᠲᠣᠭᠤᠷᠢᠭ ︵ᠬᠦᠷᠢᠶᠡᠯᠡᠩ ᠲᠣᠭᠤᠷᠢᠭ︶ ᠬᠦᠷᠲᠡᠯ᠎ᠡ ᠥᠷᠭᠡᠳᠬᠡᠪᠡ᠃ ᠬᠤᠶᠠᠷ ᠲᠤ᠂ ᠬᠡᠪ ᠵᠠᠭᠪᠤᠷ ᠢ ᠰᠢᠯᠢᠳᠡᠭᠵᠢᠭᠦᠯᠵᠦ᠂ | ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠦᠢᠯᠡᠴᠢᠯᠡᠭᠡᠨ ᠤ ᠠᠬᠤᠢ ᠪᠠᠶᠢᠳᠠᠯ ᠤᠨ ᠳᠡᠰ ᠢ ᠳᠡᠪᠰᠢᠭᠦᠯᠪᠡ᠃ ︽ᠠᠮᠠᠯᠠᠯᠲᠠ ᠶᠢᠨ ᠳᠦᠷᠢᠮ + ᠪᠦᠬᠦ ᠴᠤᠪᠤᠷᠠᠯ ᠢᠶᠠᠷ ᠨᠢ | ᠣᠷᠣᠯᠠᠨ ᠭᠦᠢᠴᠡᠳᠬᠡᠬᠦ︾ ᠦᠢᠯᠡᠴᠢᠯᠡᠭᠡᠨ ᠤ ᠬᠡᠪ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ 2854 ᠵᠦᠢᠯᠡᠰ ᠲᠤ ᠮᠡᠳᠡᠭᠳᠡᠬᠦ ᠠᠮᠠᠯᠠᠯᠲᠠ ᠶᠢᠨ ᠳᠦᠷᠢᠮ ᠢ | ᠬᠡᠷᠡᠭᠵᠢᠭᠦᠯᠪᠡ᠂ 2025 ᠣᠨ ᠠᠴᠠ ᠨᠠᠭᠠᠰᠢ ᠳᠠᠭᠠᠯᠲᠠ ᠮᠠᠲ᠋ᠧᠷᠢᠶᠠᠯ ᠨᠢ ᠳᠤᠲᠠᠭᠤ ᠪᠠᠶᠢᠭᠰᠠᠨ ᠴᠤ ᠬᠦᠯᠢᠶᠡᠨ ᠠᠪᠴᠤ ᠰᠢᠢᠳᠪᠦᠷᠢᠯᠡᠬᠦ ᠬᠡᠪ ᠵᠠᠭᠪᠤᠷ ᠢᠶᠠᠷ ᠠᠵᠤ | ᠠᠬᠤᠶᠢᠯᠠᠯ ᠳᠤ ᠬᠤᠯᠪᠣᠭᠳᠠᠭᠰᠠᠨ ᠲᠤᠬᠠᠶᠢᠯᠠᠭᠰᠠᠨ ᠠᠵᠢᠯ ᠢ 9739 ᠬᠤᠪᠢ ᠤᠳᠠᠭ᠎ᠠ ᠭᠦᠢᠴᠡᠳᠬᠡᠵᠦ᠂ ᠠᠵᠤ ᠠᠬᠤᠶᠢᠯᠠᠯ ᠤᠨ ᠳᠦᠷᠢᠮ ᠤᠨ ᠴᠢᠨᠠᠷᠲᠠᠢ | ᠠᠷᠠᠯᠵᠢᠶᠠᠨ ᠤ ᠥᠪᠡᠷ ᠤᠨ ᠥᠷᠲᠡᠭ ᠢ ᠨᠢ ᠦᠨᠡᠨ ᠬᠦ ᠪᠠᠭᠤᠷᠠᠭᠤᠯᠪᠠ᠃ ᠠᠵᠤ ᠠᠬᠤᠶᠢᠯᠠᠯ ᠳᠤ ᠲᠤᠰᠠᠯᠠᠬᠤ ᠪᠠᠷ ᠰᠦᠢᠳᠬᠡᠯ ᠬᠤᠷᠢᠶᠠᠬᠤ ᠦᠭᠡᠢ ᠦᠢᠯᠡᠴᠢᠯᠡᠭᠡ ᠪᠠ | ᠮᠠᠲ᠋ᠧᠷᠢᠶᠠᠯ ᠢ 6859 ᠬᠤᠪᠢ ᠬᠠᠩᠭᠠᠵᠤ᠂ ᠠᠯᠪᠠᠨ ᠲᠠᠮᠠᠭ᠎ᠠ ᠰᠡᠶᠢᠯᠦᠨ ᠦᠢᠯᠡᠳᠬᠦ᠂ ᠠᠵᠢᠯᠴᠢᠨ ᠡᠯᠰᠡᠨ ᠬᠡᠷᠡᠭᠯᠡᠬᠦ᠂ ᠲᠦᠷᠦ ᠶᠢᠨ ᠪᠣᠳᠣᠯᠭ᠎ᠠ ᠶᠢᠨ ᠵᠦᠭᠯᠡᠭᠦᠷ ᠵᠡᠷᠭᠡ | ᠣᠯᠠᠨᠲᠠ ᠬᠡᠷᠡᠭᠯᠡᠭᠳᠡᠵᠦ ᠱᠠᠭᠠᠷᠳᠠᠭᠳᠠᠬᠤ ᠵᠦᠢᠯᠡᠰ ᠢ ᠨᠡᠶᠢᠳᠬᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠨᠡᠩ ᠤᠯᠠᠨ ᠦᠷᠳᠡᠭ ᠨᠡᠮᠡᠭᠳᠡᠯ ᠤᠨ ᠦᠢᠯᠡᠴᠢᠯᠡᠭᠡ | ᠬᠠᠩᠭᠠᠪᠠ᠃ ᠭᠤᠷᠪᠠ ᠳᠤ᠂ ᠭᠤᠣᠯᠳᠠᠯᠭ᠎ᠠ ᠶᠢ ᠠᠳᠬᠤᠨ ᠪᠡᠷᠬᠡ ᠠᠰᠠᠭᠤᠳᠠᠯ ᠢ ᠰᠢᠢᠳᠪᠦᠷᠢᠯᠡᠵᠦ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠷᠠᠭᠤᠯᠪᠠ᠃ ᠠᠵᠤ | ᠠᠬᠤᠶᠢᠯᠠᠯ ᠤᠨ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠵᠤ ᠠᠬᠤᠶᠢᠯᠠᠯ ᠴᠢᠮᠡᠭᠡᠯᠡᠵᠦ᠂ ᠲᠤᠰᠬᠠᠢ | ᠠᠵᠢᠯᠲᠠᠨ ᠮᠡᠳᠡᠭᠦᠯᠬᠦ︾ ᠪᠢᠲᠡᠭᠦᠦ ᠡᠷᠭᠢᠯᠳᠦᠭᠡ ᠲᠠᠢ ᠦᠢᠯᠡᠴᠢᠯᠡᠭᠡᠨ ᠤ ᠲᠣᠭᠲᠠᠴᠠ ᠶᠢ ᠪᠦᠷᠢᠯᠳᠦᠭᠦᠯᠵᠦ᠂ ᠣᠷᠣᠨ ᠪᠦᠰᠡ ᠠᠯᠤᠰᠯᠠᠨ ᠭᠦᠢᠴᠡᠳᠬᠡᠬᠦ᠂ | ᠥᠩᠭᠡᠷᠡᠭᠰᠡᠨ ᠤ ᠦᠯᠡᠳᠡᠭᠳᠡᠯ ᠵᠡᠷᠭᠡ ᠪᠤᠳᠤᠯᠢᠶᠠᠨᠲᠠᠢ ᠠᠰᠠᠭᠤᠳᠠᠯ ᠤᠳ ᠢ ᠪᠦᠲᠦᠮᠵᠢᠲᠡᠢ ᠰᠢᠢᠳᠪᠦᠷᠢᠯᠡᠬᠦ ᠶᠢ ᠨᠢ ᠠᠬᠢᠭᠤᠯᠪᠠ᠃ ᠭᠤᠣᠯᠳᠠᠯᠭ᠎ᠠ ᠪᠣᠯᠬᠤ ᠲᠥᠷᠥᠯ | ᠵᠦᠢᠯ ᠢ ᠨᠠᠶᠢᠳᠠᠪᠤᠷᠢᠵᠢᠭᠤᠯᠬᠤ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ︽ᠬᠠᠮᠢᠶᠠᠷᠤᠭᠴᠢ ᠮᠠᠶ᠋ᠢᠭ︾ ᠤᠨ ᠮᠥᠷᠳᠡᠬᠦ ᠲᠣᠭᠲᠠᠴᠠ ᠶᠢ ᠪᠠᠶᠢᠭᠤᠯᠵᠤ᠂ ᠲᠤᠰᠬᠠᠢ | ᠠᠵᠢᠯ ᠤᠨ ᠠᠩᠭᠢ ᠪᠥᠯᠬᠦᠮ ᠢ ᠵᠣᠯᠭᠠᠭᠤᠯᠬᠤ᠂ ᠪᠥᠬᠦ ᠴᠤᠪᠤᠷᠠᠯ ᠢᠶᠠᠷ ᠨᠢ ᠣᠷᠣᠯᠠᠨ ᠭᠦᠢᠴᠡᠳᠬᠡᠬᠦ᠂ ᠴᠠᠭ ᠬᠢᠵᠠᠭᠠᠷᠯᠠᠨ ᠭᠦᠢᠴᠡᠳᠬᠡᠬᠦ ᠪᠠᠷ ᠳᠠᠮᠵᠢᠭᠤᠯᠤᠨ᠂ ᠠᠵᠤ | ᠠᠬᠤᠶᠢᠯᠠᠯ ᠢ ᠳᠤᠲᠠᠭᠤ ᠭᠦᠶᠦᠯᠭᠡᠬᠦ᠂ ᠲᠥᠷᠥᠯ ᠵᠦᠢᠯ ᠢᠶᠠᠨ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠤᠭᠰᠠᠨ ᠪᠠᠶᠢᠨ᠎ᠠ᠃ |