Gᠰᠤᠷᠪᠤᠯᠵᠢᠯᠠᠭᠴᠢ 26 ᠤ ᠡᠳᠦᠷ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ | ᠮᠡᠳᠡᠭᠳᠡᠯ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠠ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠨᠢ | ᠰᠤᠷᠳᠠᠯ ᠤᠬᠠᠭᠤᠯᠭ᠎ᠠ᠂ ᠢᠨᠲ᠋ᠧᠷ ᠰᠦᠯᠵᠢᠶᠡᠨ ᠤ ᠮᠡᠳᠡᠭᠡ ᠵᠠᠩᠭᠢ᠂ ᠳᠣᠲᠣᠭᠠᠳᠤ ᠶᠢ ᠬᠠᠮᠠᠭᠠᠯᠠᠬᠤ ᠵᠡᠷᠭᠡ ᠣᠯᠠᠨ ᠰᠠᠯᠠᠭ᠎ᠠ ᠮᠥᠴᠢᠷ ᠲᠠᠢ ᠬᠠᠮᠲᠤᠷᠠᠨ᠂ ︽2025 | ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠠᠶᠠᠯᠠᠯ ᠬᠠᠮᠠᠭᠠᠯᠠᠬᠤ ᠠᠵᠢᠯᠯᠠᠭ᠎ᠠ︾ ᠶᠢ ᠭᠦᠨᠵᠡᠭᠡᠶ ᠥᠷᠨᠢᠭᠦᠯᠵᠦ᠂ ᠰᠢᠯᠭᠠᠯᠲᠠ ᠶᠢᠨ | ᠤᠶᠢᠯᠡᠴᠢᠯᠡᠭᠡᠨ ᠤ ᠪᠠᠲᠤᠯᠠᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠠᠮᠤᠷ | ᠲᠦᠪᠰᠢᠨ ᠲᠣᠭᠲᠠᠭᠤᠨ ᠶᠠᠪᠤᠭᠳᠠᠬᠤ ᠪᠠ ᠰᠢᠯᠭᠠᠭᠤᠯᠤᠭᠴᠢ ᠶᠢᠨ ᠤᠷᠤᠭᠰᠢᠲᠠᠶ ᠪᠠᠷ ᠰᠢᠯᠭᠠᠯᠲᠠ ᠳᠤ ᠣᠷᠣᠯᠴᠠᠬᠤ ᠶᠢ ᠪᠠᠲᠤᠯᠠᠬᠤ ᠲᠤᠬᠠᠶ ᠪᠠᠶᠢᠷᠢᠯᠠᠭᠤᠯᠤᠯᠳᠠ ᠬᠢᠪᠡ᠃ | | ᠮᠡᠳᠡᠭᠳᠡᠯ ᠤᠨ ᠱᠠᠭᠠᠷᠳᠠᠯᠭ᠎ᠠ ᠶᠢ ᠦᠨᠳᠦᠰᠦᠯᠡᠪᠡᠯ᠂ 2025 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ | ᠬᠤᠭᠤᠴᠠᠭᠠᠨ ᠳᠤ᠂ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠤᠨ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠨᠢ ᠬᠤᠯᠪᠣᠭᠳᠠᠯ | ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠤᠶᠢᠯᠡᠴᠢᠯᠡᠭᠡᠨ ᠤ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠢᠯᠭᠠᠭᠤᠯᠤᠭᠴᠢ ᠳᠤ ᠠᠮᠤᠷ ᠢ | ᠬᠠᠮᠠᠭᠠᠯᠠᠬᠤ᠂ ᠶᠠᠪᠤᠵᠤ ᠰᠠᠭᠤᠬᠤ᠂ ᠢᠳᠡᠵᠦ ᠤᠤᠭᠤᠬᠤ ᠬᠤᠨᠣᠵᠤ ᠬᠡᠪᠲᠡᠬᠦ᠂ ᠡᠮ ᠡᠮᠨᠡᠯᠭᠡ ᠡᠷᠡᠭᠦᠯ ᠬᠠᠮᠠᠭᠠᠯᠠᠯ᠂ ᠱᠤᠤᠬᠢᠶᠠᠨ ᠢ ᠵᠠᠰᠠᠬᠤ ᠵᠡᠷᠭᠡ ᠶᠡᠷᠦᠩᠬᠡᠶᠢᠯᠡᠭᠰᠡᠨ | ᠤᠶᠢᠯᠡᠴᠢᠯᠡᠭᠡᠨ ᠤ ᠪᠠᠲᠤᠯᠠᠭ᠎ᠠ ᠬᠠᠩᠭᠠᠬᠤ ᠭᠡᠷᠡᠭᠳᠡᠢ᠃ ᠰᠢᠯᠭᠠᠭᠤᠯᠤᠭᠴᠢ ᠶᠢᠨ ᠰᠣᠶᠣᠯ ᠢᠷᠭᠡᠨᠰᠢᠯ ᠤᠨ ᠬᠠᠯᠠᠮᠵᠢᠯᠠᠯ ᠢ ᠴᠢᠩᠭᠠᠳᠬᠠᠵᠤ᠂ ᠰᠢᠯᠭᠠᠯᠲᠠ ᠳᠤ | ᠣᠷᠣᠯᠴᠠᠬᠤ ᠪᠠᠷ ᠪᠠᠶᠢᠭ᠎ᠠ ᠪᠣᠳᠠᠲᠠᠢ ᠬᠦᠴᠢᠷᠳᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠷ ᠤᠲᠠᠰᠤ᠂ ᠪᠢᠴᠢᠭ ᠤᠨ ᠪᠣᠭᠴᠣ ᠵᠡᠷᠭᠡ ᠰᠢᠯᠭᠠᠭᠤᠯᠤᠭᠴᠢ ᠶᠢᠨ ᠡᠳ᠋ | ᠪᠣᠳᠠᠰ ᠢ ᠬᠠᠳᠠᠭᠠᠯᠠᠬᠤ ᠴᠡᠭ ᠢ ᠨᠠᠷᠢᠨ ᠨᠢᠮᠪᠠᠢ ᠲᠤᠬᠢᠷᠠᠭᠤᠯᠵᠤ᠂ ᠵᠡᠮᠳᠡᠭᠴᠦᠳ ᠵᠡᠷᠭᠡ ᠣᠨᠴᠠᠭᠠᠢ ᠬᠦᠴᠢᠷᠳᠡᠯᠲᠡᠢ ᠬᠥᠮᠦᠰ ᠤᠨ ᠰᠢᠯᠭᠠᠯᠲᠠ ᠳᠤ ᠣᠷᠣᠯᠴᠠᠬᠤ ᠳᠤ | ᠵᠣᠬᠢᠰᠲᠠᠢ ᠲᠦᠬᠦᠮ ᠦᠵᠡᠭᠦᠯᠬᠦ ᠬᠡᠷᠡᠭᠲᠡᠢ᠃ ︽ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠪᠡᠷᠰᠢᠭᠦᠯᠬᠦ︾ ᠵᠡᠷᠭᠡ ᠣᠯᠠᠨ | ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠢᠯᠭᠠᠯᠲᠠ ᠶᠢᠨ ᠦᠨᠡᠨᠴᠢ ᠢᠲᠡᠭᠡᠮᠵᠢ ᠶᠢᠨ ᠬᠥᠮᠦᠵᠢᠯ ᠢ ᠭᠦᠨᠵᠡᠭᠡᠶ ᠥᠷᠨᠢᠭᠦᠯᠵᠤ᠂ ᠰᠢᠯᠭᠠᠯᠲᠠ ᠳᠤ | ᠬᠤᠯᠪᠣᠭᠳᠠᠭᠰᠠᠨ ᠬᠤᠳᠠᠯ ᠬᠠᠭᠤᠷᠮᠠᠭ ᠤᠬᠠᠭᠤᠯᠭ᠎ᠠ᠂ ᠪᠤᠷᠤᠭᠤ ᠪᠠᠷ ᠬᠥᠲᠥᠯᠥᠨ ᠮᠡᠬᠡᠯᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠤᠶᠢᠯᠡ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ ᠮᠡᠳᠡᠭᠡ ᠵᠠᠩᠭᠢ ᠨᠡᠶᠢᠲᠡᠯᠡᠬᠦ᠂ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ᠂ ᠳᠣᠲᠣᠨᠣᠰᠤᠭ ᠰᠠᠨᠠᠭᠤᠯᠤᠮᠵᠢ ᠥᠭᠬᠦ᠂ | ᠴᠤᠤᠷᠬᠠᠯ ᠢ ᠨᠢᠴᠤᠭᠠᠵᠤ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠢ ᠢᠳᠡᠪᠬᠢᠲᠡᠶ ᠰᠠᠶᠢᠲᠤᠷ ᠬᠢᠵᠦ᠂ ᠵᠢᠷᠤᠮᠵᠢᠭᠤᠨ ᠪᠥᠭᠡᠳ ᠡᠮᠬᠢ ᠵᠢᠷᠤᠮ ᠲᠠᠢ᠂ | ᠬᠠᠯᠠᠭᠤᠮᠰᠤᠭ ᠪᠥᠭᠡᠳ ᠡᠶ᠎ᠡ ᠵᠤᠬᠢᠴᠠᠩᠭᠤᠢ ᠰᠢᠯᠭᠠᠯᠲᠠ ᠶᠢᠨ ᠣᠷᠴᠢᠨ ᠨᠥᠬᠦᠴᠡᠯ ᠢ ᠢᠳᠡᠪᠬᠢᠲᠡᠶ ᠪᠣᠶ ᠪᠣᠯᠭᠠᠬᠤ ᠬᠡᠷᠡᠭᠳᠡᠢ ᠬᠡᠪᠡ᠃ |