ᠡᠷᠳᠡᠨᠢᠠ᠋ᠭᠤᠯᠠ ᠨᠡᠶᠢᠭᠡᠮ ᠲᠣᠭᠤᠷᠢᠭ ᠤᠨ ᠬᠢᠨ ᠪᠠᠷᠭᠠᠢ ᠶᠢᠨ ᠠᠵᠢᠯᠯᠠᠭ᠎ᠠ ᠥᠷᠨᠢᠭᠦᠯᠵᠦ ᠤᠮᠠᠷᠠᠲᠤ ᠶᠢᠨ ᠰᠣᠶᠣᠯ ᠦᠨᠳᠦᠰᠦᠲᠡᠨ ᠤ ᠪᠦᠯᠬᠦᠮᠳᠡᠯ ᠤᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠪᠡ
ᠨᠡᠶᠢᠲᠡᠯᠡᠭᠰᠡᠨ ᠴᠠᠭ᠄
2025/5/28
          ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠤᠮᠠᠷᠠᠲᠤ ᠬᠢᠯᠢ ᠶᠢᠨ ᠭᠡᠷᠡᠯ ᠰᠠᠴᠤᠷᠠᠩᠭᠤᠢ ᠰᠣᠶᠣᠯ ᠢ ᠤᠯᠠᠮᠵᠢᠯᠠᠬᠤ ᠶᠢᠨ ᠲᠥᠯᠥᠭᠡ᠂ 5 ᠰᠠᠷ᠎ᠠ ᠶᠢᠨ23 ᠤ ᠡᠳᠦᠷ᠂ ᠡᠷᠳᠡᠨᠢᠠ᠋ᠭᠤᠯᠠ ᠨᠡᠶᠢᠭᠡᠮ ᠲᠣᠭᠤᠷᠢᠭ ᠤᠨ ᠬᠢᠨ ᠮᠣᠩᠭᠤᠯ ᠦᠨᠳᠦᠰᠦᠲᠡᠨ ᠤ ᠤᠯᠠᠮᠵᠢᠯᠠᠯᠲᠤ ᠤᠶᠤᠨ ᠤᠬᠠᠭᠠᠨ ᠢ ᠠᠭᠤᠰᠬᠠᠭᠰᠠᠨ ᠪᠠᠷᠭᠠᠢ ᠪᠣᠯᠣᠨ ᠱᠠᠭ᠎ᠠ ᠲᠣᠭᠯᠠᠭᠠᠮ ᠤᠨ ᠠᠵᠢᠯᠯᠠᠭ᠎ᠠ ᠥᠷᠨᠢᠭᠦᠯᠵᠡᠢ᠃ ᠲᠠᠯ᠎ᠠ ᠨᠤᠲᠤᠭ ᠤᠨ ᠰᠣᠶᠣᠯ ᠤᠨ ᠴᠤᠭ ᠵᠢᠪᠬᠤᠭ᠎ᠠ ᠪᠠᠷ ᠪᠢᠯᠬᠠᠭᠰᠠᠨ ᠡᠨᠡᠬᠦ ᠠᠵᠢᠯᠯᠠᠭ᠎ᠠ ᠨᠢ ᠤᠮᠠᠷᠠᠲᠤ ᠬᠢᠯᠢ ᠶᠢᠨ ᠭᠦᠨ ᠵᠤᠵᠠᠭᠠᠨ ᠲᠡᠦᠬᠡ ᠶᠢᠨ ᠠᠭᠤᠯᠬᠤᠨ ᠢᠶᠠᠷ ᠲᠦᠰᠢᠭ ᠪᠣᠯᠭᠠᠵᠤ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠲᠤ ᠤᠯᠠᠮᠵᠢᠯᠠᠯᠲᠤ ᠠᠷᠠᠳ ᠤᠨ ᠵᠠᠩ ᠦᠢᠯᠡ ᠶᠢᠨ ᠮᠥᠷᠭᠦᠯᠳᠦᠯ ᠳᠤᠮᠳᠠ ᠳᠤᠮᠳᠠᠳᠤ ᠶᠢᠨ ᠰᠣᠶᠣᠯ ᠤᠨ ᠣᠯᠠᠨ ᠡᠰᠢᠲᠦ ᠨᠢᠭᠡ ᠴᠣᠭᠴᠠ ᠶᠢᠨ ᠣᠶᠤᠨ ᠰᠠᠨᠠᠭᠠᠨ ᠤ ᠴᠥᠮ᠎ᠡ ᠶᠢ ᠮᠡᠳᠡᠷᠡᠭᠦᠯᠬᠦ ᠪᠣᠯᠣᠨ᠎ᠠ᠃
27.jpg
          ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠪᠠᠷᠭᠠᠢ ᠶᠢᠨ ᠥᠷᠢᠰᠦᠯᠳᠦᠭᠡᠨ ᠨᠢ ᠤᠮᠠᠷᠠᠲᠤ ᠬᠢᠯᠢ ᠶᠢᠨ ᠰᠣᠶᠣᠯ ᠤᠨ ᠠᠮᠢᠳᠤᠯᠢᠭ ᠤᠯᠠᠮᠵᠢᠯᠠᠯ ᠤᠨ ᠬᠤᠷᠢᠶᠠᠩᠭᠤᠢ ᠳᠦᠷᠰᠦ ᠪᠣᠯᠣᠨ᠎ᠠ᠃ ᠣᠷᠣᠯᠴᠠᠭᠰᠠᠳ ᠤᠶᠤᠨ ᠤᠬᠠᠭᠠᠨ ᠢ ᠪᠡᠯᠭᠡᠳᠡᠭᠰᠡᠨ ᠰᠢᠳᠡᠯᠲᠡ ᠶᠢᠨ ᠪᠠᠭᠠᠵᠢ ᠬᠡᠷᠡᠭᠰᠡᠯ ᠢ ᠠᠳᠬᠤᠨ ᠠᠪᠴᠤ᠂ ᠤᠳᠠᠭ᠎ᠠ ᠪᠦᠷᠢ ᠶᠢᠨ ᠨᠠᠷᠢᠯᠢᠭ ᠣᠨᠣᠴᠠᠲᠠᠢ ᠰᠢᠳᠡᠯᠲᠡ ᠳᠤ ᠮᠣᠩᠭᠤᠯ ᠦᠨᠳᠦᠰᠦᠲᠡᠨ ᠤ ᠡᠪᠦᠭᠡ ᠳᠡᠭᠡᠳᠦᠰ ᠤᠨ ᠨᠡᠭᠦᠳᠡᠯ ᠮᠠᠯᠵᠢᠯ ᠤᠨ ᠠᠮᠢᠳᠤᠷᠠᠯ ᠳᠤ ᠬᠤᠷᠠᠮᠳᠤᠭᠤᠯᠤᠭᠰᠠᠨ ᠤᠶᠤᠨ ᠤᠬᠠᠭᠠᠨ ᠢ ᠰᠢᠩᠭᠡᠭᠡᠵᠦ᠂ ᠱᠠᠭ᠎ᠠ ᠶᠢᠨ ᠲᠣᠭᠯᠠᠭᠠᠮ ᠤᠨ ᠦᠶ᠎ᠡ ᠭᠡᠰᠢᠭᠦᠦ ᠶᠢᠨ ᠮᠥᠷᠭᠦᠯᠳᠦᠯ ᠤᠨ ᠲᠠᠭᠤᠨ ᠨᠢ ᠤᠮᠠᠷᠠᠲᠤ ᠶᠢᠨ ᠲᠠᠯ᠎ᠠ ᠨᠤᠲᠤᠭ ᠤᠨ ᠡᠷᠲᠡᠨ ᠤ ᠳᠠᠭᠤᠤ ᠲᠠᠢ ᠠᠳᠠᠯᠢ ᠪᠠᠷ ᠨᠡᠶᠢᠭᠡᠮ ᠲᠣᠭᠤᠷᠢᠭ ᠤᠨ ᠬᠥᠳᠡᠯᠭᠡᠭᠡᠨ ᠤ ᠦᠷᠦᠭᠡ ᠳᠤ ᠴᠤᠤᠷᠢᠶᠠᠲᠤᠨ᠎ᠠ᠃ ᠠᠳᠠᠯᠢ ᠪᠤᠰᠤ ᠦᠨᠳᠦᠰᠦᠲᠡᠨ ᠠᠴᠠ ᠢᠷᠡᠭᠰᠡᠨ 20 ᠭᠠᠷᠤᠢ ᠤᠯᠠᠨ ᠲᠦᠮᠡᠨ ᠨᠢᠭᠡ ᠲᠠᠩᠬᠢᠮ ᠳᠤ ᠴᠤᠭᠯᠠᠷᠠᠵᠤ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠤᠷ᠎ᠠ ᠮᠡᠷᠭᠡᠵᠢᠯ ᠢ ᠰᠣᠨᠢᠷᠬᠠᠵᠤ᠂ ᠤᠷᠮ᠎ᠠ ᠪᠠᠬ᠎ᠠ ᠲᠠᠢ ᠰᠢᠳᠡᠯᠲᠡ ᠪᠠᠷ ᠮᠠᠭᠲᠠᠨ ᠰᠠᠶᠢᠰᠢᠶᠠᠵᠤ᠂ ᠬᠢᠲᠠᠳ ᠦᠨᠳᠦᠰᠦᠲᠡᠨ ᠤ ᠬᠥᠷᠰᠢ ᠵᠡᠷᠭᠡᠯᠡᠳᠡᠭᠡ ᠶᠢᠨ ᠬᠢᠨ ᠮᠣᠩᠭᠤᠯ ᠦᠨᠳᠦᠰᠦᠲᠡᠨ ᠤ ᠠᠬᠠᠮᠠᠳ ᠠᠴᠠ ᠳᠠᠷᠤᠤ ᠬᠢᠴᠢᠶᠡᠩᠭᠦᠢ ᠪᠠᠷ ᠱᠠᠭ᠎ᠠ ᠨᠠᠭᠠᠳᠬᠤ ᠶᠢ ᠵᠢᠭᠠᠯᠭᠠᠬᠤ ᠦᠶ᠎ᠡ ᠳᠤ᠂ ᠤᠮᠠᠷᠠᠲᠤ ᠬᠢᠯᠢ ᠶᠢᠨ ᠰᠣᠶᠣᠯ ᠳᠠᠬᠢ ᠪᠠᠭᠲᠠᠭᠠᠮᠵᠢᠲᠠᠢ ᠬᠠᠮᠲᠤ ᠣᠷᠣᠰᠢᠳᠠᠭ ᠭᠧᠨ ᠬᠠᠷᠢᠯᠴᠠᠨ ᠦᠢᠯᠡᠳᠦᠯᠴᠡᠬᠦ ᠶᠠᠪᠤᠴᠠ ᠳᠤ ᠰᠡᠮᠬᠡᠨ ᠦᠰᠦᠨ ᠪᠣᠶᠢᠵᠢᠵᠤ ᠪᠠᠶᠢᠯ᠎ᠠ᠃
28.jpg
          ᠲᠤᠰ ᠤᠳᠠᠭᠠᠨ ᠤ ᠠᠵᠢᠯᠯᠠᠭ᠎ᠠ ᠨᠢ ᠨᠢᠭᠡ ᠤᠳᠠᠭᠠᠨ ᠤ ᠵᠠᠩ ᠦᠢᠯᠡ ᠶᠢᠨ ᠣᠶᠢᠯᠠᠭᠠᠯᠲᠠ ᠪᠣᠯᠬᠤ ᠪᠠᠷ ᠪᠠᠷᠠᠬᠤ ᠦᠭᠡᠢ᠂ ᠨᠡᠩ ᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠮᠢᠳᠤᠯᠢᠭ ᠦᠢᠯᠡᠳᠦᠯᠭᠡ ᠪᠣᠯᠬᠤ ᠶᠤᠮ᠃ ᠣᠷᠣᠯᠴᠠᠭᠰᠠᠳ ᠤᠮᠠᠷᠠᠲᠤ ᠬᠢᠯᠢ ᠶᠢᠨ ᠰᠣᠶᠣᠯ ᠳᠠᠬᠢ ︽ᠲᠡᠭᠷᠢ ᠬᠥᠮᠥᠨ ᠨᠢᠭᠡᠳᠬᠦ︾ ᠭᠦᠨ ᠤᠬᠠᠭᠠᠨ ᠤ ᠦᠵᠡᠯ ᠰᠠᠨᠠᠭ᠎ᠠ ᠶᠢ ᠣᠶᠢᠯᠠᠭᠠᠬᠤ ᠳᠠᠭᠠᠨ᠂ ᠦᠨᠳᠦᠰᠦᠲᠡᠨ ᠨᠦᠭᠦᠳ ᠤᠨ ᠰᠣᠶᠣᠯ ᠪᠣᠯ ᠳᠤᠮᠳᠠᠳᠤ ᠶᠢᠨ ᠰᠣᠶᠣᠯ ᠤᠨ ᠡᠷᠳᠡᠨᠢᠰ ᠤᠨ ᠰᠠᠩ ᠳᠠᠬᠢ ᠳᠤᠲᠠᠭᠳᠠᠵᠤ ᠪᠣᠯᠣᠰᠢ ᠦᠭᠡᠢ ᠦᠨᠡᠲᠦ ᠡᠷᠳᠡᠨᠢ ᠮᠥᠨ ᠭᠡᠳᠡᠭ ᠢ ᠨᠠᠩ ᠭᠦᠨᠵᠡᠭᠡᠢ ᠣᠶᠢᠯᠠᠭᠠᠭᠰᠠᠨ ᠪᠠᠶᠢᠨ᠎ᠠ ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ᠄ ︽ᠪᠢ ᠠᠳᠠᠯᠢ ᠪᠤᠰᠤ ᠦᠨᠳᠦᠰᠦᠲᠡᠨ ᠤ ᠠᠬ᠎ᠠ ᠳᠡᠭᠦᠦ ᠡᠭᠡᠴᠢ ᠥᠬᠢᠨ ᠳᠡᠭᠦᠦ ᠨᠠᠷ ᠲᠠᠢ ᠪᠠᠨ ᠬᠠᠮᠲᠤ ᠪᠠᠷᠭᠠᠢ ᠨᠠᠭᠠᠳᠴᠤ ᠪᠠᠶᠢᠬᠤ ᠶᠢ ᠣᠯᠵᠤ ᠬᠠᠷᠠᠬᠤ ᠳᠤ᠂ ᠶᠠᠭ ᠯᠠ ᠤᠮᠠᠷᠠᠲᠤ ᠬᠢᠯᠢ ᠶᠢᠨ ᠲᠠᠯ᠎ᠠ ᠨᠤᠲᠤᠭ ᠤᠨ ᠠᠳᠠᠯᠢ ᠪᠤᠰᠤ ᠡᠪᠡᠰᠦ ᠪᠡᠯᠴᠢᠭᠡᠷ ᠬᠠᠮᠲᠤᠪᠠᠷ ᠡᠬᠡ ᠭᠠᠵᠠᠷ ᠲᠤ ᠦᠨᠳᠦᠰᠦᠯᠡᠵᠦ ᠪᠠᠶᠢᠬᠤ ᠶᠢ ᠣᠯᠵᠤ ᠬᠠᠷᠠᠭᠰᠠᠨ ᠲᠠᠢ ᠠᠳᠠᠯᠢ ᠪᠠᠷ᠂ ᠡᠨᠡ ᠪᠣᠯ ᠳᠠᠷᠤᠢ ᠪᠦᠯᠬᠦᠮᠳᠡᠯ ᠤᠨ ᠬᠦᠴᠦᠨ ᠮᠥᠨ︾ ᠭᠡᠵᠦ ᠰᠡᠳᠬᠢᠯ ᠳᠣᠭᠳᠣᠯᠤᠨ ᠶᠠᠷᠢᠨ᠎ᠠ᠃ ᠠᠵᠢᠯᠯᠠᠭ᠎ᠠ ᠨᠢ ᠰᠣᠶᠣᠯ ᠢᠶᠠᠷ ᠬᠥᠭᠦᠷᠭᠡ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠦᠷ᠎ᠡ ᠶᠢ ᠤᠮᠠᠷᠠᠲᠤ ᠬᠢᠯᠢ ᠶᠢᠨ ᠥᠩ ᠰᠢᠮᠡᠯᠢᠭ ᠬᠥᠷᠥᠰᠥᠨ ᠳᠤ ᠦᠨᠳᠦᠰᠦᠯᠡᠭᠦᠯᠵᠦ᠂ ᠦᠨᠳᠦᠰᠦᠲᠡᠨ ᠨᠦᠭᠦᠳ ᠤᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠢ ᠪᠠᠶᠢᠭᠤᠯᠬᠤ ᠳᠤ ᠤᠶᠤᠨ ᠰᠠᠨᠠᠭᠠᠨ ᠤ ᠰᠠᠭᠤᠷᠢ ᠶᠢ ᠪᠠᠲᠤ ᠴᠣᠭᠴᠠᠯᠠᠨ᠎ᠠ᠃
29.jpg
          ᠳᠠᠷᠠᠭᠠᠴᠢ ᠶᠢᠨ ᠠᠯᠬᠤᠮ ᠳᠤ᠂ ᠡᠷᠳᠡᠨᠢᠠ᠋ᠭᠤᠯᠠ ᠨᠡᠶᠢᠭᠡᠮ ᠲᠣᠭᠤᠷᠢᠭ ᠤᠨ ᠬᠢᠨ ︽ᠤᠮᠠᠷᠠᠲᠤ ᠬᠢᠯᠢ ᠶᠢᠨ ᠰᠣᠶᠣᠯ︾ ᠤᠨ ᠨᠡᠷᠡᠲᠦ ᠲᠡᠮᠳᠡᠭ ᠢᠶᠠᠷ ᠵᠢᠯᠣᠭᠤᠳᠤᠮᠵᠢ ᠪᠣᠯᠭᠠᠵᠤ᠂ ︽ᠰᠣᠶᠣᠯ ᠢᠶᠠᠷ ᠠᠶᠢᠯᠴᠢᠯᠠᠬᠤ︾᠂ ︽ᠠᠷᠠᠳ ᠤᠨ ᠵᠠᠩ ᠦᠢᠯᠡ ᠶᠢ ᠬᠠᠮᠲᠤ ᠪᠠᠷ ᠰᠣᠨᠢᠷᠬᠠᠬᠤ︾ ᠵᠡᠷᠭᠡ ᠦᠨᠳᠦᠰᠦᠲᠡᠨ ᠤ ᠪᠦᠯᠬᠦᠮᠳᠡᠯ ᠤᠨ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠮᠣᠷᠢᠨ ᠬᠤᠭᠤᠷ ᠤᠨ ᠬᠦᠭ ᠠᠶᠠᠰ ᠢ ᠦᠨᠳᠦᠰᠦᠲᠡᠨ ᠨᠦᠭᠦᠳ ᠤᠨ ᠢᠨᠢᠶᠡᠳᠦ ᠲᠠᠢ ᠰᠣᠯᠪᠢᠴᠠᠭᠤᠯᠵᠤ᠂ ᠣᠪᠣᠭᠠᠨ ᠳᠡᠭᠡᠷᠡᠬᠢ ᠠᠭᠤᠯᠵᠠᠯᠲᠠ ᠶᠢᠨ ᠤᠯᠠᠮᠵᠢᠯᠠᠯ ᠢ ᠴᠠᠭ ᠦᠶ᠎ᠡ ᠶᠢᠨ ᠵᠣᠷᠢᠭ ᠰᠠᠨᠠᠭ᠎ᠠ ᠲᠠᠢ ᠤᠶᠠᠯᠳᠤᠭᠤᠯᠵᠤ᠂ ᠤᠮᠠᠷᠠᠲᠤ ᠬᠢᠯᠢ ᠶᠢᠨ ᠡᠬᠡ ᠭᠠᠵᠠᠷ ᠲᠤ ᠦᠨᠳᠦᠰᠦᠲᠡᠨ ᠨᠦᠭᠦᠳ ᠤᠨ ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠬᠦ ᠴᠠᠭ ᠦᠶ᠎ᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠯ᠎ᠠ ᠨᠤᠲᠤᠭ ᠤᠨ ᠮᠥᠩᠬᠡ ᠶᠢᠨ ᠲᠡᠭᠷᠢ ᠮᠡᠲᠦ ᠪᠣᠯᠭᠠᠵᠤ᠂ ᠡᠨᠡᠬᠦ ᠨᠤᠲᠤᠭ ᠳᠡᠪᠢᠰᠬᠡᠷ ᠳᠡᠭᠡᠷᠡᠬᠢ ᠲᠦᠭ ᠲᠦᠮᠡᠨ ᠬᠥᠪᠡᠭᠦᠳ ᠥᠬᠢᠳ ᠢ ᠡᠭᠦᠷᠢᠳᠡ ᠰᠠᠬᠢᠨ ᠬᠠᠮᠠᠭᠠᠯᠠᠨ᠎ᠠ᠃
30.jpg
 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ