ᠴᠠᠭᠠᠨ ᠪᠠᠯᠭᠠᠰᠣ ᠶᠢᠨ ᠭᠠᠶᠢᠯᠢ ᠬᠤᠷᠢᠶᠠᠬᠤ ᠭᠠᠵᠠᠷ ᠤᠨ ᠨᠠᠮ ᠤᠨ ᠡᠭᠦᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/28
          ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠳᠤᠮᠳᠠᠳᠤ   ᠶᠢᠨ ᠦᠨᠳᠦᠰᠦᠲᠡᠨ ᠤ ᠬᠠᠮᠲᠤ  ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠣᠯᠣᠨ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠲᠠᠰᠤᠷᠠᠯᠲᠠ ᠦᠭᠡᠢ ᠴᠢᠩᠭᠠᠳᠬᠠᠨ᠂ 5 ᠰᠠᠷ᠎ᠠ ᠶᠢᠨ 25 ᠤ ᠡᠳᠦᠷ᠂ ᠴᠠᠭᠠᠨ ᠪᠠᠯᠭᠠᠰᠣ ᠶᠢᠨ ᠰᠦᠢᠳᠬᠡᠯ ᠬᠤᠷᠢᠶᠠᠬᠤ ᠭᠠᠵᠠᠷ ᠤᠨ ᠨᠠᠮ ᠤᠨ ᠡᠭᠦᠷ ᠳᠤᠮᠳᠠᠳᠤ  ᠶᠢᠨ ᠦᠨᠳᠦᠰᠦᠲᠡᠨ ᠤ ᠬᠠᠮᠲᠤ  ᠶᠢᠨ ᠴᠣᠭᠴᠠ  ᠶᠢᠨ ᠤᠬᠠᠮᠰᠠᠷ  ᠢ ᠪᠠᠲᠤ ᠪᠠᠬᠢ ᠪᠤᠶ ᠪᠣᠯᠭᠠᠬᠤ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠬᠦᠳᠡᠯᠭᠡᠭᠡᠨ ᠢ ᠦᠷᠨᠢᠭᠦᠯᠪᠡ᠃
31.jpg
          ᠠᠵᠢᠯᠯᠠᠭ᠎ᠠ ᠶᠢᠨ ᠲᠤᠬᠠᠢ ᠶᠢᠨ ᠲᠠᠯᠠᠪᠠᠶ᠂ ᠤᠬᠠᠭᠤᠯᠭ᠎ᠠ ᠶᠢᠨ ᠵᠢᠷᠤᠭᠲᠤ ᠰᠡᠳᠬᠦᠯ ᠨᠠᠭᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠲᠤᠬᠠᠢ ᠶᠢᠨ ᠭᠠᠵᠠᠷ ᠲᠤᠨᠢ ᠲᠠᠶᠢᠯᠪᠤᠷᠢᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠨᠠᠰᠢ ᠴᠠᠰᠢ ᠵᠣᠷᠴᠢᠭᠴᠢᠳ ᠲᠤ ᠦᠨᠳᠦᠰᠦᠲᠡᠨ ᠤ ᠲᠥᠷᠥ ᠶᠢᠨ ᠪᠣᠳᠣᠯᠭ᠎ᠠ ᠂ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠠᠭᠤᠯᠤᠭᠳᠠᠬᠤᠨ ᠪᠠ ᠴᠢᠬᠤᠯᠠ ᠠᠴᠢ ᠬᠤᠯᠪᠣᠭᠳᠠᠯ ᠢ ᠬᠦᠯᠢᠴᠡᠩᠭᠦᠢ ᠪᠠᠷ ᠨᠠᠷᠢᠨ ᠨᠢᠮᠪᠠᠢ ᠲᠠᠶᠢᠯᠪᠤᠷᠢᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠤᠬᠠᠮᠰᠠᠷᠲᠤ ᠴᠢᠨᠠᠷ ᠪᠠ ᠡᠷᠡᠰ ᠪᠠᠲᠤ ᠴᠢᠨᠠᠷ ᠢ ᠦᠨᠡᠨ ᠬᠦ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠦᠵᠡᠯᠲᠡ ᠶᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠰᠡᠳᠬᠢᠯ ᠵᠢᠷᠦᠬᠡ ᠪᠠᠨ ᠬᠤᠯᠪᠣᠨ ᠬᠠᠮᠲᠤ ᠪᠠᠷ ᠦᠰᠦᠨ ᠪᠣᠶᠢᠵᠢᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ ᠪᠦᠯᠬᠦᠮᠳᠡᠯ ᠢ ᠠᠬᠢᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃
32.jpg
          ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠤᠯᠢ ᠪᠠᠷ ᠵᠠᠰᠠᠬᠤ ᠦᠵᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠬᠠᠤᠯᠢ ᠪᠠᠷ ᠵᠠᠰᠠᠬᠤ ᠦᠵᠡᠯ ᠰᠠᠨᠠᠭ᠎ᠠ ᠪᠠᠷ ᠦᠨᠳᠦᠰᠦᠲᠡᠨ ᠤ ᠪᠦᠯᠬᠦᠮᠳᠡᠯ ᠤᠨ ᠰᠠᠭᠤᠷᠢ ᠶᠢ ᠪᠠᠬᠢᠵᠢᠭᠦᠯᠣᠨ᠂ ᠳᠠᠷᠠᠭᠠᠴᠢ ᠶᠢᠨ ᠠᠯᠬᠤᠮ ᠳᠤ᠂ ᠴᠠᠭᠠᠨ ᠪᠠᠯᠭᠠᠰᠣ ᠶᠢᠨ ᠰᠦᠢᠳᠬᠡᠯ ᠬᠤᠷᠢᠶᠠᠬᠤ ᠭᠠᠵᠠᠷ ᠤᠨ ᠨᠠᠮ ᠤᠨ ᠡᠭᠦᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠪᠣᠯᠣᠨ ᠰᠦᠢᠳᠬᠡᠯ ᠬᠤᠷᠢᠶᠠᠬᠤ ᠠᠵᠢᠯ ᠢ ᠭᠦᠨᠵᠡᠭᠡᠢ ᠠᠭᠤᠰᠤᠯᠴᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠵᠠᠮ ᠬᠠᠷᠢᠯᠴᠠᠭᠴᠢ ᠶᠢᠨ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ