ᠵᠠᠮ ᠢ ᠬᠠᠮᠠᠭᠠᠯᠠᠨ ᠵᠠᠮ ᠢ ᠬᠠᠶᠢᠷᠠᠯᠠᠵᠤ᠂ ᠲᠡᠮᠦᠷ ᠵᠠᠮ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠴᠣᠭᠴᠠᠯᠠᠨ᠎ᠠ ︱ ᠴᠠᠭᠠᠨ ᠪᠠᠯᠭᠠᠰᠤ ︽5·26  ᠤ ᠪᠢ ᠵᠠᠮ ᠢᠶᠠᠨ ᠬᠠᠶᠢᠷᠠᠯᠠᠬᠤ︾ ᠭᠤᠣᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2025/5/28
          ᠲᠡᠮᠦᠷ ᠵᠠᠮ ᠳᠠᠭᠠᠤ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠲᠡᠮᠦᠷ ᠵᠠᠮ ᠤᠨ ᠠᠮᠤᠷ ᠲᠦᠪᠰᠢᠨ ᠤ ᠬᠠᠤᠯᠢ ᠲᠣᠭᠲᠠᠭᠠᠯ ᠤᠨ ᠮᠡᠳᠡᠯᠭᠡ ᠶᠢ ᠪᠦᠬᠦ ᠨᠡᠶᠢᠭᠡᠮ ᠢᠶᠠᠷ ᠢᠶᠠᠨ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ 5 ᠰᠠᠷ᠎ᠠ ᠶᠢᠨ 26 ᠤ ᠡᠳᠦᠷ᠂ ᠴᠠᠭᠠᠨ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠴᠠᠭᠠᠨ ᠪᠠᠯᠭᠠᠰᠤ ᠶᠢᠨ ᠡᠪᠯᠡᠯ ᠤᠨ ᠬᠤᠷᠢᠶ᠎ᠠ ᠲᠠᠢ ᠬᠠᠮᠲᠤᠷᠠᠨ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠵᠤ ᠭᠠᠯᠲᠤ ᠲᠡᠷᠭᠡᠨ ᠦᠷᠳᠡᠭᠡ᠂ ᠴᠠᠭᠠᠨ ᠪᠠᠯᠭᠠᠰᠤ ᠶᠢᠨ ᠰᠤᠷᠭᠠᠭᠤᠯᠢ᠂ ᠬᠡᠳᠦ ᠳᠡᠯᠭᠡᠭᠦᠷ ᠵᠡᠷᠭᠡ ᠲᠠᠯᠠᠪᠤᠷ ᠲᠤ ᠣᠴᠢᠵᠤ᠂ ︽ᠵᠠᠮ ᠢ ᠬᠠᠮᠠᠭᠠᠯᠠᠵᠤ ᠵᠠᠮ ᠢ ᠬᠠᠶᠢᠷᠠᠯᠠᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠤᠯᠠᠨ ᠠᠷᠭ᠎ᠠ ᠵᠠᠮ᠂ ᠤᠯᠠᠨ ᠬᠡᠯᠪᠡᠷᠢ ᠪᠠᠷ ᠲᠡᠮᠦᠷ ᠵᠠᠮ ᠤᠨ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠪᠦᠬᠦ ᠠᠷᠠᠳ ᠢᠶᠠᠷ ᠢᠶᠠᠨ ᠲᠡᠮᠦᠷ ᠵᠠᠮ ᠤᠨ ᠬᠠᠮᠠᠭᠠᠯᠠᠯᠲᠠ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃
33.jpg
34.jpg
          ᠠᠵᠢᠯᠯᠠᠭ᠎ᠠ ᠶᠢᠨ ᠲᠦᠷᠦᠭᠦᠦ ᠥᠷᠲᠡᠭᠡ ᠪᠣᠯ ᠴᠠᠭᠠᠨ ᠪᠠᠯᠭᠠᠰᠤᠨ ᠤ ᠭᠠᠯᠲᠤ ᠲᠡᠷᠭᠡᠨ ᠤ ᠥᠷᠲᠡᠭᠡ ᠪᠣᠯᠣᠨ᠎ᠠ᠃ ᠠᠵᠢᠯᠲᠠᠳ ᠲᠡᠷᠭᠡ ᠬᠦᠯᠢᠶᠡᠬᠦ ᠲᠢᠩᠬᠢᠮ᠂ ᠥᠷᠲᠡᠭᠡᠨ ᠳᠤ ᠣᠷᠣᠵᠤ ᠭᠠᠷᠬᠤ ᠡᠭᠦᠳᠡ ᠵᠡᠷᠭᠡ ᠬᠥᠮᠥᠨ ᠣᠯᠠᠨ ᠴᠤᠭᠯᠠᠷᠠᠳᠠᠭ ᠭᠠᠵᠠᠷ ᠣᠷᠣᠨ ᠳᠤ ᠨᠠᠰᠢ ᠴᠠᠰᠢ ᠵᠣᠷᠴᠢᠬᠤ ᠠᠶᠠᠨᠴᠢᠳ ᠵᠢᠴᠢ ᠡᠷᠬᠢᠨ ᠲᠣᠭᠤᠷᠢᠨ ᠤ ᠣᠯᠠᠨ ᠲᠦᠮᠡᠨ ᠳᠤ ᠲᠡᠮᠦᠷ ᠵᠠᠮ ᠤᠨ ᠵᠠᠮ ᠬᠠᠮᠠᠭᠠᠯᠠᠬᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠠᠮᠤᠷ ᠲᠦᠪᠰᠢᠨ ᠤ ᠤᠷᠢᠶ᠎ᠠ ᠯᠣᠽᠦ᠋ᠩ ᠳᠠᠷᠤᠮᠠᠯᠯᠠᠭᠰᠠᠨ ᠳᠤᠷᠠᠰᠬᠠᠯ ᠤᠨ ᠪᠣᠳᠠᠰ ᠲᠠᠷᠬᠠᠭᠠᠬᠤ ᠶᠢᠨ ᠬᠠᠮᠲᠤ ︽ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾ ᠤᠨ ᠬᠠᠮᠢᠶ᠎ᠠ ᠪᠦᠬᠦᠢ ᠲᠣᠭᠲᠠᠭᠠᠯ ᠢ ᠬᠦᠯᠢᠴᠡᠩᠭᠦᠢ ᠪᠠᠷ ᠲᠠᠶᠢᠯᠪᠤᠷᠢᠯᠠᠵᠠᠢ᠃ ᠳᠠᠷᠠᠭ᠎ᠠ ᠪᠠᠷ ᠨᠢ ᠤᠬᠠᠭᠤᠯᠬᠤ ᠡᠩᠨᠡᠭᠡ ᠴᠠᠭᠠᠨ ᠪᠠᠯᠭᠠᠰᠤᠨ ᠤ ᠰᠤᠷᠭᠠᠭᠤᠯᠢ ᠳᠤ ᠬᠦᠷᠪᠡ᠃ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢ ᠵᠢᠷᠤᠭ ᠪᠢᠴᠢᠭ ᠢ ᠬᠤᠣᠰᠯᠠᠭᠤᠯᠬᠤ ᠬᠡᠯᠪᠡᠷᠢ ᠪᠠᠷ ᠳᠠᠮᠵᠢᠭᠤᠯᠤᠨ ᠲᠡᠮᠦᠷ ᠵᠠᠮ ᠤᠨ ᠠᠮᠤᠷ ᠲᠦᠪᠰᠢᠨ ᠤ ᠬᠠᠤᠯᠢ ᠲᠣᠭᠲᠠᠭᠠᠯ ᠵᠢᠴᠢ ᠠᠳᠡᠯ ᠤᠨ ᠬᠡᠷᠡᠭ ᠤᠨ ᠵᠢᠱᠢᠶ᠎ᠡ ᠶᠢ ᠳᠡᠯᠭᠡᠨ ᠦᠵᠡᠭᠦᠯᠵᠦ᠂ ᠪᠠᠭᠰᠢ ᠰᠤᠷᠤᠭᠴᠢᠳ ᠲᠤ ᠰᠡᠷᠡᠮᠵᠢᠯᠡᠭᠦᠯᠦᠨ᠎ᠡ︔ ᠬᠠᠷᠢᠯᠴᠠᠨ ᠬᠥᠳᠡᠯᠦᠯᠴᠡᠬᠦ ᠶᠠᠪᠤᠴᠠ ᠳᠤ᠂ ᠰᠠᠶᠢᠨ ᠳᠤᠷ᠎ᠠ  ᠶᠢᠨ ᠠᠵᠢᠯᠯᠠᠭᠰᠠᠳ ᠵᠠᠮ ᠬᠠᠮᠠᠭᠠᠯᠠᠬᠤ ᠠᠵᠢᠯ ᠤᠨ ᠴᠢᠬᠤᠯᠠ ᠴᠢᠨᠠᠷ᠂ ᠠᠮᠤᠷ ᠲᠦᠪᠰᠢᠨ ᠤ ᠶᠡᠷᠦ ᠶᠢᠨ ᠮᠡᠳᠡᠯᠭᠡ ᠵᠢᠴᠢ ᠲᠡᠮᠦᠷ ᠵᠠᠮ ᠤᠨ ᠠᠮᠤᠷ ᠲᠦᠪᠰᠢᠨ ᠤ ᠲᠤᠬᠠᠢ ᠪᠠᠭ᠎ᠠ ᠮᠡᠳᠡᠯᠭᠡ ᠶᠢ ᠳᠥᠭᠦᠮ ᠣᠶᠢᠯᠠᠭᠠᠮᠵᠢᠲᠠᠢ ᠦᠭᠡ ᠬᠡᠯᠡ ᠪᠠᠷ ᠨᠠᠷᠢᠨ ᠲᠠᠶᠢᠯᠪᠤᠷᠢᠯᠠᠵᠤ᠂ ᠰᠤᠷᠤᠭᠴᠢᠳ ᠤᠨ ︽ᠭᠠᠷ ᠭᠠᠷ ᠢᠶᠠᠨ ᠬᠤᠯᠪᠣᠯᠴᠠᠬᠤ︾ ᠬᠠᠯᠠᠭᠤᠨ ᠰᠡᠳᠬᠢᠯᠭᠡ ᠶᠢ ᠭᠦᠢᠴᠡᠳ ᠬᠥᠭᠵᠢᠭᠡᠵᠦ᠂ ᠲᠡᠳᠡᠨ ᠢ ᠬᠥᠲᠥᠯᠥᠨ ᠵᠢᠯᠤᠭᠤᠳᠴᠤ ᠪᠠᠶᠢᠭᠠᠳ ᠭᠡᠷ ᠪᠦᠯᠢ ᠶᠢ ᠳᠠᠶᠢᠴᠢᠯᠠᠨ ᠵᠠᠮ ᠬᠠᠮᠠᠭᠠᠯᠠᠬᠤ ᠠᠵᠢᠯᠯᠠᠭ᠎ᠠ ᠳᠤ ᠬᠠᠮᠲᠤ ᠪᠠᠷ ᠣᠷᠣᠯᠴᠠᠭᠤᠯᠵᠠᠢ᠃
35.jpg
36.jpg
          ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠨᠡᠶᠢᠲᠡ 60 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠣᠯᠠᠨ ᠲᠦᠮᠡᠨ ᠤ ᠠᠰᠠᠭᠤᠨ ᠯᠠᠪᠯᠠᠬᠤ ᠶᠢ 60 ᠭᠠᠷᠤᠢ ᠬᠥᠮᠥᠨ ᠤᠳᠠᠭ᠎ᠠ ᠭᠥᠯᠢᠶᠡᠨ ᠠᠪᠴᠤ᠂ ᠴᠠᠭᠠᠨ ᠪᠠᠯᠭᠠᠰᠤᠨ ᠤ ᠣᠯᠠᠨ ᠲᠦᠮᠡᠨ ︵ᠢᠯᠠᠩᠭᠤᠶ᠎ᠠ ᠵᠠᠯᠠᠭᠤᠴᠤᠳ ᠪᠠᠭᠠᠴᠤᠳ ᠤᠨ ᠬᠠᠮᠲᠤᠯᠢᠭ︶ ᠤ ᠲᠡᠮᠦᠷ ᠵᠠᠮ ᠤᠨ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠬᠠᠷᠢᠶᠠᠲᠤ ᠣᠷᠣᠨ ᠤ ᠲᠡᠮᠦᠷ ᠵᠠᠮ ᠤᠨ ᠠᠮᠤᠷ ᠲᠦᠪᠰᠢᠨ ᠢᠶᠠᠷ ᠠᠶᠠᠯᠠᠬᠤ ᠳᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ ᠥᠭᠭᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠴᠠᠭᠠᠨ ᠪᠠᠯᠭᠠᠰᠤ ᠲᠡᠮᠦᠷ ᠵᠠᠮ ᠤᠨ ᠵᠠᠮ ᠬᠠᠮᠠᠭᠠᠯᠠᠬᠤ ᠤᠬᠠᠭᠤᠯᠭ᠎ᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠢ ᠪᠠᠲᠤᠯᠠᠬᠤ ᠪᠣᠯᠣᠨ᠎ᠠ᠃
37.jpg
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ