ᠭᠦᠪᠲᠦᠷᠦᠦ ᠲᠠᠢ ᠡᠪᠡᠳᠴᠢᠲᠡᠳ ᠢᠳᠡᠬᠡᠨ ᠤᠮᠳᠠᠭᠠᠨ ᠢᠶᠠᠨ ᠨᠡᠩ ᠢᠯᠡᠭᠦᠦ ᠠᠩᠬᠠᠷᠬᠤ ᠴᠢᠬᠤᠯᠠᠲᠠᠢ
ᠨᠡᠶᠢᠲᠡᠯᠡᠭᠰᠡᠨ ᠴᠠᠭ᠄
2025/5/28
          ᠭᠦᠪᠲᠦᠷᠦᠦ ᠲᠠᠢ ᠡᠪᠡᠳᠴᠢᠲᠡᠳ ᠤᠭᠤᠷᠠᠭ᠂ ᠸᠢᠲ᠋ᠠᠮᠢᠨ B12᠂ ᠲᠡᠮᠦᠷ ᠨᠥᠬᠦᠬᠦ ᠬᠡᠷᠡᠭᠲᠡᠢ᠃ ᠵᠠᠷᠢᠮ ᠢᠳᠡᠭᠡᠨ ᠤᠮᠳᠠᠭᠠᠨ ᠨᠢ ᠭᠦᠪᠲᠦᠷᠦᠦ ᠡᠪᠡᠳᠴᠢᠨ ᠣᠯᠬᠤ ︽ᠲᠦᠷᠭᠡᠳᠬᠡᠭᠦᠷ︾ ᠪᠠᠶᠢᠵᠤ ᠮᠡᠳᠡᠨ᠎ᠡ᠂ ᠡᠶᠢᠮᠦ ᠪᠠᠷ ᠢᠶᠠᠨ ᠳᠣᠣᠷᠠᠬᠢ ᠭᠤᠷᠪᠠᠨ ᠲᠥᠷᠥᠯ ᠤᠨ ᠬᠥᠮᠥᠰ ᠢᠳᠡᠵᠦ ᠤᠤᠭᠤᠬᠤ ᠪᠠᠨ ᠰᠠᠶᠢᠲᠤᠷ ᠬᠢᠴᠢᠶᠡᠭᠡᠷᠡᠢ᠃ ᠡᠳᠦᠷ ᠳᠤᠲᠤᠮ ᠤᠨ ᠠᠮᠢᠳᠤᠷᠠᠯ ᠳᠤᠮᠳᠠ ᠡᠳᠡᠭᠡᠷ ᠢᠳᠡᠭᠡᠨ ᠤᠮᠳᠠᠭᠠᠨ ᠢ ᠢᠳᠡᠪᠡᠯ ᠭᠦᠪᠲᠦᠷᠦᠦ ᠡᠪᠡᠳᠴᠢᠨ ᠣᠯᠬᠤ ᠶᠢᠨ ︽ᠲᠦᠷᠭᠡᠳᠬᠡᠭᠦᠷ︾ ᠪᠣᠯᠵᠤ ᠮᠡᠳᠡᠬᠦ ᠲᠤᠯᠠ ᠬᠢᠴᠢᠶᠡᠬᠦ ᠬᠡᠷᠡᠭᠲᠡᠢ᠃          ᠨᠢᠭᠡ᠂ ᠠᠭᠤᠰᠬᠢᠨ ᠭᠦᠪᠲᠦᠷᠦᠦ ᠲᠠᠢ ᠬᠥᠮᠥᠰ ᠭᠤᠷᠪᠠᠨ ᠲᠥᠷᠥᠯ ᠤᠨ ᠬᠤᠭᠤᠯᠠ ᠶᠢ ᠳᠤᠲᠠᠭᠤ ᠢᠳᠡᠪᠡᠯ ᠵᠣᠬᠢᠨ᠎ᠠ᠄          1. ᠰᠡᠳᠡᠯᠲᠡ ᠶᠢᠨ ᠴᠢᠨᠠᠷᠲᠠᠢ ᠢᠳᠡᠭᠡᠨ᠄ ᠯᠠᠵᠤᠤ᠂ ᠨᠠᠷᠢᠨ ᠤᠯᠠᠭᠠᠨ ᠯᠠᠵᠤᠤ᠂ ᠰᠢᠷᠠᠭᠰᠠᠨ ᠲᠠᠭᠢᠶ᠎ᠠ᠂ ᠲᠣᠰᠣᠯᠢᠭ ᠪᠣᠣᠪᠤ ᠵᠡᠷᠭᠡ᠃          2. ᠳᠠᠪᠤᠰᠤ ᠶᠡᠬᠡᠲᠡᠢ ᠢᠳᠡᠭᠡᠨ᠄ ᠳᠠᠪᠤᠰᠤᠲᠠᠢ ᠨᠣᠭᠤᠭ᠎ᠠ᠂ ᠳᠠᠪᠤᠰᠤᠯᠠᠭᠰᠠᠨ ᠮᠢᠬ᠎ᠠ᠂ ᠳᠠᠪᠤᠰᠤᠯᠠᠭᠰᠠᠨ ᠨᠤᠭᠤᠰᠤᠨ ᠥᠨᠳᠡᠭᠡ ᠵᠡᠷᠭᠡ᠃          3. ᠰᠡᠳᠡᠯᠲᠡ ᠶᠢᠨ ᠴᠢᠨᠠᠷᠲᠠᠢ ᠤᠮᠳᠠᠭᠠᠨ᠄ ᠺᠣᠹᠧ ᠪᠠ ᠰᠡᠳᠡᠯᠲᠡ ᠶᠢᠨ ᠴᠢᠨᠠᠷᠲᠠᠢ ᠤᠮᠳᠠᠭᠠᠨ᠂ ᠵᠢᠱᠢᠶᠡᠯᠡᠪᠡᠯ ᠥᠳᠬᠡᠨ ᠴᠠᠢ ᠵᠡᠷᠭᠡ᠃          ᠬᠤᠶᠠᠷ᠂ ᠪᠠᠮᠪᠠᠢ ᠪᠤᠯᠴᠢᠷᠬᠠᠢ ᠶᠢᠨ ᠭᠦᠪᠲᠦᠷᠦᠦ ᠲᠠᠢ ᠬᠥᠮᠥᠰ ᠢᠣᠳ᠋ᠲᠤ ᠢᠳᠡᠭᠡᠨ ᠢᠳᠡᠬᠦ ᠬᠡᠮᠵᠢᠶ᠎ᠡ ᠪᠠᠨ ᠲᠡᠩᠴᠡᠭᠦᠷᠢᠲᠡᠢ ᠪᠠᠶᠢᠯᠭᠠᠭᠠᠷᠠᠢ᠃ ᠵᠢᠱᠢᠶᠡᠯᠡᠪᠡᠯ᠄ ᠤᠯᠠᠭᠠᠨ ᠨᠣᠭᠤᠭ᠎ᠠ᠂ ᠬᠠᠶᠢᠳᠠᠢ ᠵᠡᠷᠭᠡ ᠳᠠᠯᠠᠢ ᠶᠢᠨ ᠨᠣᠭᠤᠭ᠎ᠠ ᠪᠣᠯᠣᠨ ᠢᠣᠳ᠋ ᠲᠠᠢ ᠳᠠᠪᠤᠰᠤ ᠶᠢ ᠵᠣᠬᠢᠬᠤ ᠬᠡᠮᠵᠢᠶ᠎ᠡ ᠪᠠᠷ ᠢᠳᠡᠪᠡᠯ ᠰᠠᠶᠢᠨ᠃ ᠢᠣᠳ᠋ ᠦᠭᠡᠢ ᠳᠠᠪᠤᠰᠤ ᠢᠳᠡᠵᠦ᠂ ᠢᠣᠳ᠋ ᠪᠠᠭ᠎ᠠ ᠢᠳᠡᠭᠡᠨ ᠤᠮᠳᠠᠭᠠᠨ᠂ ᠠᠷᠢᠬᠢ ᠲᠠᠮᠠᠬᠢ᠂ ᠺᠣᠹᠧ᠂ ᠥᠳᠬᠡᠨ ᠴᠠᠢ ᠵᠡᠷᠭᠡ ᠰᠡᠳᠡᠯᠲᠡ ᠶᠢᠨ ᠴᠢᠨᠠᠷᠲᠠᠢ ᠢᠳᠡᠭᠡᠨ ᠤᠮᠳᠠᠭᠠᠨ ᠢ ᠴᠡᠭᠡᠷᠯᠡᠬᠦ ᠶᠢ ᠰᠠᠨᠠᠭᠤᠯᠤᠶ᠎ᠠ᠃ ᠬᠡᠷᠪᠡ ᠪᠠᠮᠪᠠᠢ ᠪᠤᠯᠴᠢᠷᠬᠠᠢ ᠶᠢᠨ ᠭᠦᠪᠲᠦᠷᠦᠦ ᠶᠢᠨ ᠡᠪᠡᠳᠴᠢᠨ ᠲᠠᠢ ᠪᠣᠯ ᠰᠢᠷ᠎ᠠ ᠯᠤᠤᠪᠠᠩ᠂ ᠣᠷᠢᠶᠠᠮᠠᠯ ᠨᠣᠭᠤᠭ᠎ᠠ ᠳᠤᠲᠠᠭᠤ ᠢᠳᠡᠬᠦ ᠬᠡᠷᠡᠭᠲᠡᠢ᠂ ᠡᠳᠡᠭᠡᠷ ᠢᠳᠡᠭᠡᠨ ᠨᠢ ᠶᠡᠭᠡ ᠪᠤᠶᠤ ᠪᠠᠭ᠎ᠠ ᠬᠡᠮᠵᠢᠶ᠎ᠡ ᠪᠠᠷ ᠪᠠᠮᠪᠠᠢ ᠪᠤᠯᠴᠢᠷᠬᠠᠢ ᠶᠢᠨ ᠭᠦᠪᠲᠦᠷᠦᠦ ᠶᠢ ᠨᠥᠯᠥᠭᠡᠯᠡᠳᠡᠭ ᠶᠤᠮ᠃          ᠭᠤᠷᠪᠠ᠂ ᠬᠥᠬᠦᠨ ᠤ ᠪᠤᠯᠴᠢᠷᠬᠠᠢ ᠶᠢᠨ ᠭᠦᠪᠲᠦᠷᠦᠦ ᠲᠠᠢ ᠬᠥᠮᠥᠰ ᠠᠮᠢᠲᠠᠨ ᠤ ᠤᠭᠤᠷᠠᠭ ᠢᠳᠡᠬᠦ ᠬᠡᠮᠵᠢᠶ᠎ᠡ ᠪᠠᠨ ᠬᠢᠵᠠᠭᠠᠷᠯᠠᠬᠤ ᠬᠡᠷᠡᠭᠲᠡᠢ᠂ ᠠᠮᠢᠲᠠᠨ ᠤ ᠤᠭᠤᠷᠠᠭ ᠢᠳᠡᠬᠦ ᠬᠡᠮᠵᠢᠶ᠎ᠡ ᠪᠠᠨ ᠬᠢᠵᠠᠭᠠᠷᠯᠠᠬᠤ ᠨᠢ ᠡᠮ᠎ᠡ ᠬᠤᠷᠮᠣᠨ ᠭᠡᠲᠦ ᠶᠡᠭᠡ ᠪᠤᠢ ᠪᠤᠯᠬᠤ ᠠᠴᠠ ᠰᠡᠷᠭᠡᠶᠢᠯᠡᠵᠦ ᠲᠠᠶᠢᠯᠤᠨ᠎ᠠ᠂ ᠲᠡᠷᠡᠴᠢᠯᠡᠨ ᠬᠥᠬᠦᠨ ᠤ ᠪᠤᠯᠴᠢᠷᠬᠠᠢ ᠶᠢᠨ ᠬᠤᠣᠷᠲᠤ ᠡᠳ᠋ ᠡᠭᠦᠰᠬᠦ ᠶᠢ ᠬᠢᠴᠢᠶᠡᠬᠦ ᠬᠡᠷᠡᠭᠲᠡᠢ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ