ᠬᠥᠮᠥᠨ ᠡᠳᠦᠷ ᠪᠦᠷᠢ 7 ᠊᠊᠊ 8 ᠴᠠᠭ ᠤᠨ ᠨᠣᠶᠢᠷ ᠢ ᠪᠠᠲᠤᠯᠠᠪᠠᠯ ᠰᠠᠶᠢᠨ
ᠨᠡᠶᠢᠲᠡᠯᠡᠭᠰᠡᠨ ᠴᠠᠭ᠄
2025/5/28
          ᠠᠵᠢᠯᠯᠠᠵᠤ ᠠᠮᠠᠷᠠᠬᠤ ᠶᠢ ᠤᠶᠠᠯᠳᠤᠭᠤᠯᠵᠤ᠂ ᠡᠳᠦᠷ ᠪᠦᠷᠢ 7 ᠊᠊᠊ 8 ᠴᠠᠭ ᠤᠨ ᠨᠣᠶᠢᠷ ᠢ ᠪᠠᠲᠤᠯᠠᠪᠠᠯ ᠵᠣᠬᠢᠨ᠎ᠠ᠃ ᠢᠳᠡᠬᠦ᠂ ᠰᠤᠷᠤᠯᠴᠠᠬᠤ᠂ ᠠᠵᠢᠯᠯᠠᠬᠤ᠂ ᠪᠣᠯᠪᠠᠰᠤᠷᠠᠬᠤ᠂ ᠨᠠᠶᠢᠷᠠᠯᠳᠤᠬᠤ᠂ ᠤᠨᠲᠠᠬᠤ ᠵᠡᠷᠭᠡ ᠬᠥᠮᠥᠨ ᠤ ᠠᠯᠢᠪᠠ ᠠᠵᠢᠯᠯᠠᠭ᠎ᠠ ᠨᠢ ᠪᠦᠷ ᠶᠡᠭᠡ ᠲᠠᠷᠢᠬᠢᠨ ᠤ ᠵᠠᠬᠢᠷᠤᠯᠭ᠎ᠠ ᠳᠣᠣᠷ᠎ᠠ ᠪᠡᠶᠡᠯᠡᠭᠳᠡᠳᠡᠭ ᠶᠤᠮ᠃ ᠤᠳᠠᠭ᠎ᠠ ᠪᠦᠷᠢ ᠶᠢᠨ ᠠᠵᠢᠯᠯᠠᠭ᠎ᠠ ᠨᠢ ᠪᠦᠷ ᠶᠡᠭᠡ ᠲᠠᠷᠢᠬᠢᠨ ᠤ ᠰᠠᠭᠤᠭᠳᠠᠯ ᠦᠯᠡᠳᠡᠭᠡᠳᠡᠭ ᠪᠥᠭᠡᠳ ᠤᠳᠠᠭᠠᠨ ᠳᠠᠭᠠᠨ ᠵᠣᠬᠢᠬᠤ ᠠᠮᠢᠳᠤᠷᠠᠯ ᠤᠨ ᠵᠢᠮ᠎ᠡ ᠶᠣᠰᠣ ᠪᠣᠯᠣᠨ ᠪᠦᠷᠢᠯᠳᠦᠨ᠎ᠡ᠃ ᠡᠨᠡ ᠬᠦ ᠵᠢᠮ᠎ᠡ ᠶᠣᠰᠣ ᠶᠢ ᠵᠥᠷᠢᠴᠡᠪᠡᠯ᠂ ᠶᠡᠭᠡ ᠲᠠᠷᠢᠬᠢ ᠪᠣᠯᠣᠨ ᠪᠡᠶ᠎ᠡ ᠮᠠᠬᠠᠪᠤᠳ ᠤᠨ ᠪᠤᠰᠤᠳ ᠡᠷᠬᠡᠲᠡᠨ ᠳᠠᠷᠤᠢ ᠪᠠᠴᠢᠮ ᠪᠠᠶᠢᠳᠠᠯ ᠳᠤ ᠣᠷᠣᠳᠠᠭ᠃ ᠡᠶᠢᠮᠦᠷᠬᠦᠦ ᠪᠠᠴᠢᠮ ᠪᠠᠶᠢᠳᠠᠯ ᠨᠢ ᠡᠪᠡᠳᠴᠢᠨ ᠡᠮᠭᠡᠭ ᠡᠭᠦᠰᠬᠡᠬᠦ ᠪᠠ ᠥᠲᠡᠯᠬᠦ ᠶᠢ ᠬᠤᠷᠳᠤᠳᠬᠠᠬᠤ ᠴᠢᠬᠤᠯᠠ ᠰᠢᠯᠲᠠᠭᠠᠨ ᠤ ᠨᠢᠭᠡ ᠪᠣᠯᠣᠨ᠎ᠠ᠃          ︵1︶ ᠰᠤᠷᠤᠯᠴᠠᠵᠤ ᠠᠵᠢᠯᠯᠠᠬᠤ ᠰᠠᠶᠢᠨ ᠳᠠᠳᠬᠠᠯ ᠢ ᠪᠤᠢ ᠪᠤᠯᠭᠠᠬᠤ ᠬᠡᠷᠡᠭᠲᠡᠢ᠃ ᠶᠡᠭᠡ ᠲᠠᠷᠢᠬᠢ᠂ ᠪᠤᠯᠴᠢᠩ ᠨᠢ ᠨᠢᠭᠡ ᠦᠶ᠎ᠡ ᠠᠵᠢᠯᠯᠠᠪᠠᠯ ᠶᠠᠳᠠᠷᠠᠨ᠎ᠠ᠂ ᠲᠡᠭᠡᠪᠡᠯ ᠰᠤᠷᠤᠯᠴᠠᠬᠤ᠂ ᠠᠵᠢᠯᠯᠠᠬᠤ ᠦᠷ᠎ᠡ ᠪᠦᠳᠤᠮᠵᠢ ᠨᠢ ᠪᠠᠭᠤᠷᠠᠳᠠᠭ; ᠪᠤᠯᠴᠢᠩ ᠶᠠᠳᠠᠷᠠᠪᠠᠯ ᠠᠮᠠᠷᠬᠠᠨ ᠠᠳᠡᠯ ᠪᠤᠶᠤ ᠠᠯᠳᠠᠭ᠎ᠠ ᠭᠠᠷᠭᠠᠬᠤ ᠪᠣᠯᠣᠨ᠎ᠠ᠃ ᠠᠵᠢᠯᠯᠠᠬᠤ ᠠᠮᠠᠷᠠᠬᠤ ᠶᠢ ᠤᠶᠠᠯᠳᠤᠭᠤᠯᠬᠤ ᠪᠠᠨ ᠠᠩᠬᠠᠷᠴᠤ᠂ ᠠᠶᠢᠵᠠᠮ ᠢ ᠨᠢ ᠵᠣᠬᠢᠴᠠᠭᠤᠯᠬᠤ ᠪᠣᠯ ᠡᠷᠡᠭᠦᠯ ᠮᠠᠨᠳᠤ ᠶᠢᠨ ᠱᠠᠭᠠᠷᠳᠠᠯᠭ᠎ᠠ ᠪᠤᠯᠬᠤ ᠪᠠᠷ ᠪᠠᠷᠠᠬᠤ ᠦᠭᠡᠢ᠂ ᠮᠥᠨ ᠴᠤ ᠠᠵᠢᠯ ᠰᠤᠷᠤᠯᠴᠠᠯᠭ᠎ᠠ ᠶᠢᠨ ᠦᠷ᠎ᠡ ᠪᠦᠳᠤᠮᠵᠢ ᠶᠢ ᠲᠡᠭᠡᠭᠰᠢᠯᠡᠭᠦᠯᠭᠦ ᠶᠢᠨ ᠱᠠᠭᠠᠷᠳᠠᠯᠭ᠎ᠠ ᠪᠣᠯᠣᠨ᠎ᠠ᠃          ︵2︶ ᠦᠷᠭᠦᠯᠵᠢ ᠤᠷᠠᠨ ᠰᠠᠶᠢᠬᠠᠨ᠂ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠤᠯᠴᠠᠬᠤ ᠵᠠᠩ ᠳᠠᠳᠬᠠᠯ ᠢ ᠪᠤᠢ ᠪᠤᠯᠭᠠᠬᠤ ᠬᠡᠷᠡᠭᠲᠡᠢ᠃ ᠪᠡᠶ᠎ᠡ ᠶᠢᠨ ᠲᠠᠮᠢᠷ ᠤᠨ ᠪᠣᠯᠪᠠᠰᠤᠷᠠᠯ ᠪᠠ ᠨᠠᠶᠢᠷ ᠨᠠᠭᠠᠳᠤᠮ ᠳᠤ ᠣᠷᠤᠯᠴᠠᠬᠤ ᠨᠢ ᠪᠡᠶ᠎ᠡ ᠮᠠᠬᠠᠪᠤᠳ ᠤᠨ ᠡᠷᠡᠭᠦᠯ ᠮᠠᠨᠳᠤ᠂ ᠰᠡᠳᠬᠢᠴᠡ ᠶᠢᠨ ᠡᠷᠡᠭᠦᠯᠵᠢᠯ ᠢ ᠬᠠᠮᠠᠭᠠᠯᠠᠬᠤ ᠪᠠ ᠨᠡᠶᠢᠭᠡᠮ ᠳᠤ ᠵᠣᠬᠢᠴᠠᠬᠤ ᠴᠢᠳᠠᠪᠤᠷᠢ ᠪᠠᠨ ᠲᠡᠭᠡᠭᠰᠢᠯᠡᠭᠦᠯᠭᠦ ᠳᠤ ᠪᠦᠷ ᠰᠠᠶᠢᠨ ᠪᠠᠶᠢᠳᠠᠭ᠃ ᠤᠷᠠᠨ ᠰᠠᠶᠢᠬᠠᠨ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠭᠡᠯᠪᠡᠷᠢ ᠪᠠ ᠤᠳᠠᠭ᠎ᠠ ᠪᠦᠷᠢ ᠶᠢᠨ ᠬᠥᠳᠡᠯᠭᠡᠭᠡᠨ ᠤ ᠴᠠᠭ ᠢ ᠵᠠᠪᠠᠯ ᠥᠪᠡᠷ ᠤᠨ ᠪᠡᠶ᠎ᠡ ᠶᠢᠨ ᠪᠠᠶᠢᠳᠠᠯ᠂ ᠤᠷᠮ᠎ᠠ ᠰᠣᠨᠢᠷᠬᠠᠯ ᠲᠠᠢ ᠪᠠᠨ ᠵᠣᠬᠢᠴᠠᠭᠤᠯᠬᠤ ᠬᠡᠷᠡᠭᠲᠡᠢ᠃          ︵3︶ ᠤᠨᠲᠠᠬᠤ ᠳᠠᠳᠬᠠᠯ ᠢᠶᠠᠨ ᠰᠠᠶᠢᠨ ᠪᠤᠯᠭᠠᠬᠤ ᠬᠡᠷᠡᠭᠲᠡᠢ᠃ ᠵᠢᠮ᠎ᠡ ᠶᠣᠰᠣ ᠲᠠᠢ ᠤᠨᠲᠠᠬᠤ ᠪᠣᠯ ᠨᠣᠶᠢᠷ ᠤᠨ ᠴᠢᠨᠠᠷ ᠢ ᠪᠠᠲᠤᠯᠠᠵᠤ᠂ ᠡᠷᠡᠭᠦᠯ ᠮᠠᠨᠳᠤ ᠶᠢ ᠬᠠᠮᠠᠭᠠᠯᠠᠬᠤ ᠳᠤ ᠳᠤᠩ ᠠᠰᠢᠭᠲᠠᠢ ᠪᠠᠶᠢᠳᠠᠭ᠃ ᠤᠨᠲᠠᠬᠤ ᠴᠠᠭ ᠢ ᠡᠷᠬᠡᠪᠰᠢ ᠨᠠᠰᠤ ᠪᠠ ᠬᠤᠪᠢ ᠬᠥᠮᠥᠨ ᠤ ᠪᠡᠶ᠎ᠡ ᠶᠢᠨ ᠣᠨᠴᠠᠯᠢᠭ ᠢᠶᠠᠨ ᠦᠨᠳᠦᠰᠦᠯᠡᠵᠦ ᠲᠣᠭᠲᠠᠭᠠᠬᠤ ᠬᠡᠷᠡᠭᠲᠡᠢ᠃ ᠶᠡᠷᠦ ᠳᠡᠭᠡᠨ ᠨᠠᠰᠤᠨ ᠳᠤ ᠭᠦᠷᠦᠭᠰᠡᠳ ᠡᠳᠦᠷ ᠪᠦᠷᠢ 7 ᠊᠊᠊ 8 ᠴᠠᠭ ᠤᠨᠲᠠᠬᠤ ᠴᠢᠬᠤᠯᠠᠲᠠᠢ᠃ ᠣᠷᠣᠢ ᠶᠢᠨ 10 ᠴᠠᠭ ᠠᠴᠠ ᠡᠷᠲᠡ  ᠶᠢᠨ 4 ᠴᠠᠭ ᠭᠦᠷᠳᠡᠯ᠎ᠠ᠂ ᠡᠨᠡ ᠬᠦ ᠬᠡᠰᠡᠭ ᠬᠤᠭᠤᠴᠠᠭᠠᠨ ᠤ ᠤᠨᠲᠠᠬᠤ ᠴᠢᠨᠠᠷ ᠨᠢ ᠬᠠᠮᠤᠭ ᠤᠨ ᠰᠠᠶᠢᠨ ᠪᠠᠶᠢᠳᠠᠭ᠃ ᠣᠷᠣᠢ ᠶᠢᠨ 11 ᠴᠠᠭ ᠥᠩᠭᠡᠷᠡᠪᠡᠯ ᠬᠥᠮᠥᠨ ᠬᠠᠷᠢᠨ ᠬᠥᠭᠡᠷᠴᠦ᠂ ᠨᠡᠩ ᠤᠨᠲᠠᠵᠤ ᠲᠠᠶᠢᠯᠭᠦ ᠦᠭᠡᠢ ᠪᠤᠯᠳᠠᠭ᠃ ᠡᠷᠲᠡ ᠶᠢᠨ 2᠂ 3 ᠴᠠᠭ ᠪᠣᠯ ᠰᠥᠨᠢᠵᠢᠨ ᠰᠠᠭᠤᠬᠤ ᠬᠥᠮᠥᠨ ᠳᠤ ᠬᠠᠮᠤᠭ ᠤᠨ ᠨᠣᠶᠢᠷ ᠬᠦᠷᠬᠦ ᠴᠠᠭ ᠪᠣᠯᠣᠨ᠎ᠠ᠃ ᠬᠠᠷᠢᠨ ᠭᠡᠭᠡᠷᠡᠭᠰᠡᠡ ᠤ ᠲᠠᠷᠠᠭ᠎ᠠ᠂ ᠬᠥᠮᠥᠨ ᠰᠡᠷᠭᠡᠭ ᠤᠨᠲᠠᠬᠤ ᠬᠤᠭᠤᠴᠠᠭᠠᠨ ᠳᠤ ᠣᠷᠣᠳᠠᠭ ᠪᠥᠭᠡᠳ ᠤᠨᠲᠠᠯᠭ᠎ᠠ ᠶᠢᠨ ᠴᠢᠨᠠᠷ ᠨᠢ ᠰᠠᠶᠢᠨ ᠪᠢᠰᠢ᠃ ᠵᠠᠷᠢᠮ ᠬᠥᠮᠥᠨ ᠰᠡᠷᠡᠭᠡᠳ ᠲᠠᠭᠢᠵᠤ ᠤᠨᠲᠠᠬᠤ ᠳᠤᠷᠠᠲᠠᠢ ᠪᠠᠶᠢᠳᠠᠭ᠂ ᠦᠨᠡᠨ ᠳᠡᠭᠡᠨ ᠡᠨᠡ ᠦᠶ᠎ᠡ ᠳᠤ ᠭᠤᠣᠯᠳᠠᠭᠤ ᠰᠡᠷᠭᠡᠭ ᠤᠨᠲᠠᠭᠰᠠᠨ ᠢᠶᠠᠨ ᠨᠥᠬᠦᠪᠦᠷᠢᠯᠡᠵᠦ ᠪᠠᠶᠢᠬᠤ ᠲᠤᠯᠠ ᠦᠷ᠎ᠡ ᠳ᠋ᠦᠩ ᠨᠢ ᠡᠷᠲᠡ ᠤᠨᠲᠠᠵᠤ ᠡᠷᠲᠡ ᠪᠤᠰᠬᠤ ᠪᠦᠭᠡ ᠤᠨᠲᠠᠬᠤ ᠶᠢ ᠬᠦᠷᠬᠦ ᠦᠭᠡᠢ ᠪᠢᠯᠡ᠃ ᠨᠣᠶᠢᠷ ᠬᠠᠨᠤᠬᠤ ᠦᠭᠡᠢ ᠨᠢ ᠬᠥᠮᠥᠨ ᠤ ᠠᠩᠬᠠᠷᠤᠯ ᠪᠠ ᠴᠡᠭᠡᠵᠢᠯᠡᠬᠦ ᠴᠢᠳᠠᠪᠤᠷᠢ ᠶᠢ ᠳᠣᠷᠣᠭᠰᠢᠯᠠᠭᠤᠯᠬᠤ ᠮᠥᠷᠲᠡᠭᠡᠨ ᠪᠠᠰᠠ ᠰᠢᠨ᠎ᠡ ᠬᠠᠭᠤᠴᠢᠨ ᠤ ᠰᠣᠯᠢᠯᠴᠠᠭ᠎ᠠ ᠶᠢ ᠬᠠᠷᠰᠢᠯᠠᠵᠤ᠂ ᠥᠲᠡᠯᠬᠦ ᠶᠢ ᠲᠦᠷᠭᠡᠳᠬᠡᠨ᠎ᠡ᠃ ᠬᠡᠲᠦᠷᠬᠡᠢ ᠤᠳᠠᠭᠠᠨ ᠤᠨᠲᠠᠪᠠᠯ ᠬᠥᠮᠥᠨ ᠤ ᠪᠡᠶ᠎ᠡ ᠳᠤ ᠠᠰᠢᠭ ᠦᠭᠡᠢ᠂ ᠲᠠᠷᠠ ᠨᠢ ᠲᠥᠪ ᠮᠡᠳᠡᠷᠡᠯ ᠤᠨ ᠰᠢᠰᠲ᠋ᠧᠮ ᠢ ᠤᠷᠳᠤ ᠬᠤᠭᠤᠴᠠᠭ᠎ᠠ ᠪᠠᠷ ᠬᠤᠷᠢᠭᠯᠠᠭᠳᠠᠬᠤ ᠪᠠᠶᠢᠳᠠᠯ ᠳᠤ ᠣᠷᠣᠭᠤᠯᠵᠤ᠂ ᠪᠣᠰᠣᠭᠰᠠᠨ ᠤ ᠲᠠᠷᠠᠭ᠎ᠠ ᠬᠦᠴᠦ ᠲᠠᠮᠢᠷ ᠦᠭᠡᠢ᠂ ᠲᠣᠯᠣᠭᠠᠢ ᠡᠷᠭᠢᠬᠦ ᠲᠥᠷᠥᠭᠳᠡᠯ ᠲᠠᠢ ᠪᠣᠯᠭᠠᠳᠠᠭ᠃ ᠤᠨᠲᠠᠬᠤ ᠴᠠᠭ ᠨᠢ ᠭᠡᠳᠤ ᠤᠷᠳᠤ ᠪᠣᠯᠪᠠᠯ ᠪᠠᠰᠠ ᠠᠮᠢᠰᠬᠤᠯ ᠤᠳᠠᠭᠠᠰᠢᠷᠠᠵᠤ᠂ ᠬᠦᠴᠢᠯᠲᠥ᠋ᠷᠥᠭᠴᠢ ᠰᠣᠷᠣᠬᠤ ᠨᠢ ᠪᠠᠭᠠᠰᠬᠤ᠂ ᠵᠢᠷᠦᠬᠡ ᠠᠭᠤᠰᠬᠢ ᠪᠣᠯᠣᠨ ᠴᠢᠰᠤᠨ ᠡᠷᠭᠢᠯᠲᠡ ᠶᠢᠨ ᠳᠠᠷᠤᠭᠠᠰᠤ ᠬᠦᠨᠳᠦᠷᠡᠵᠦ᠂ ᠵᠢᠷᠦᠬᠡᠨ ᠡᠪᠡᠳᠴᠢᠨ ᠪᠠ ᠲᠠᠷᠢᠬᠢᠨ ᠤ ᠴᠢᠰᠤᠨ ᠰᠤᠳᠠᠯ ᠪᠥᠭᠯᠡᠷᠡᠬᠦ ᠠᠶᠤᠯᠲᠠᠢ ᠪᠠᠶᠢᠳᠠᠭ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ