5 ᠰᠠᠷ᠎ᠠ ᠶᠢᠨ 27 ᠤ ᠡᠳᠦᠷ᠂ ᠬᠥᠯᠥᠨ ᠪᠤᠶᠢᠷ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠸᠠᠩ ᠷᠦᠢ ᠫᠢᠩ ᠨᠠᠷ ᠰᠢᠨ᠎ᠡ ᠪᠠᠷᠭᠤ ᠵᠡᠭᠦᠨ ᠬᠤᠰᠢᠭᠤᠨ ᠳᠤ ᠬᠦᠷᠴᠦ᠂ 2025 ᠣᠨ ᠤ | ᠳᠡᠭᠡᠷ᠎ᠡ ᠬᠠᠭᠠᠰ ᠵᠢᠯ ᠤᠨ ︽ᠨᠢᠭᠡ ᠰᠠᠯᠠᠭ᠎ᠠ ᠮᠥᠴᠢᠷ ᠲᠤ ᠨᠢᠭᠡ ᠰᠠᠨᠠᠭᠤᠯᠭ᠎ᠠ᠂ ᠨᠢᠭᠡ ᠬᠤᠰᠢᠭᠤ ᠬᠤᠲᠠ ᠳᠤ ᠨᠢᠭᠡ ᠠᠷᠭᠠᠴᠠᠬᠤ ᠪᠣᠳᠣᠯᠭ᠎ᠠ︾ ᠶᠢᠨ ᠲᠤᠰᠬᠠᠢ | ᠲᠠᠶᠢᠯᠤᠮᠵᠢ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠬᠤᠷᠠᠯ ᠡᠷᠭᠢᠯᠠᠪᠠ᠃ ᠬᠤᠰᠢᠭᠤᠨ ᠤ | ᠤᠳᠤᠷᠢᠳᠤᠯᠭ᠎ᠠ ᠳ᠋ᠦ᠋ ᠴᠧᠨ ᠰᠢᠩ᠂ ᠭᠤᠸᠠᠨ ᠴᠠᠩ ᠷᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | | ᠬᠤᠷᠠᠯ ᠳᠡᠭᠡᠷ᠎ᠡ᠂ ᠲᠠᠶᠢᠯᠤᠮᠵᠢ ᠬᠢᠬᠦ ᠳᠤᠭᠤᠶᠢᠯᠠᠩ ᠰᠢᠨ᠎ᠡ ᠪᠠᠷᠭᠤ ᠵᠡᠭᠦᠨ ᠬᠤᠰᠢᠭᠤᠨ ᠤ 2025 ᠣᠨ ᠤ ᠳᠡᠭᠡᠷ᠎ᠡ ᠬᠠᠭᠠᠰ ᠵᠢᠯ ᠤᠨ ᠠᠵᠤ | ᠠᠬᠤᠢ ᠶᠢᠨ ᠠᠵᠢᠯᠯᠠᠭᠠᠨ ᠤ ᠣᠨᠴᠠᠯᠢᠭ ᠪᠠ ᠬᠠᠨᠳᠤᠰᠢ ᠶᠢᠨ ᠲᠣᠭᠤᠷᠢᠨ ᠳᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ | ᠪᠠᠶᠢᠳᠠᠯ ᠲᠠᠢ ᠤᠶᠠᠯᠳᠤᠭᠤᠯᠤᠨ ᠠᠵᠤ ᠦᠢᠯᠡᠰ᠂ ᠠᠵᠢᠯ ᠲᠥᠷᠥᠯ ᠬᠤᠪᠢᠶᠠᠵᠤ ᠵᠠᠳᠠᠯᠤᠨ ᠲᠠᠶᠢᠯᠪᠤᠷᠢᠯᠠᠭᠰᠠᠨ ᠪᠥᠭᠡᠳ ᠡᠯ᠎ᠡ ᠰᠠᠯᠠᠭ᠎ᠠ ᠮᠥᠴᠢᠷ ᠤᠨ ᠠᠵᠤ | ᠠᠬᠤᠢ ᠶᠢᠨ ᠠᠵᠢᠯᠯᠠᠭᠠᠨ ᠤ ᠲᠠᠯ᠎ᠠ ᠪᠠᠷ ᠣᠷᠣᠰᠢᠵᠤ ᠪᠠᠶᠢᠭ᠎ᠠ ᠮᠠᠳᠠᠭ ᠲᠠᠢ ᠠᠰᠠᠭᠤᠳᠠᠯ ᠢ ᠲᠤᠬᠠᠢ ᠶᠢᠨ ᠲᠠᠯᠠᠪᠤᠷ ᠲᠤ ᠨᠢ ᠬᠠᠷᠢᠭᠤᠯᠵᠤ᠂ ᠵᠢᠯᠤᠭᠤᠳᠬᠤ | ᠰᠠᠨᠠᠭᠤᠯᠭ᠎ᠠ ᠭᠠᠷᠭᠠᠭᠰᠠᠨ ᠪᠠᠶᠢᠨ᠎ᠠ᠃ | ᠲᠠᠶᠢᠯᠤᠮᠵᠢ ᠬᠢᠬᠦ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠰᠢᠨ᠎ᠡ ᠪᠠᠷᠭᠤ ᠵᠡᠭᠦᠨ ᠬᠤᠰᠢᠭᠤ ᠪᠦᠬᠦ ᠬᠤᠳᠠ ᠶᠢᠨ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠢ ᠥᠨᠳᠥᠷ ᠵᠣᠭᠰᠣᠴᠠ ᠠᠴᠠ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠠᠵᠢᠯᠯᠠᠭᠠᠨ ᠢ ᠪᠦᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠵᠤ᠂ | ᠨᠢᠭᠡᠳᠦᠭᠡᠷ ᠠᠵᠤ ᠦᠢᠯᠡᠰ ᠤᠨ ᠰᠠᠭᠤᠷᠢ ᠶᠢ ᠪᠠᠬᠢᠵᠢᠭᠦᠯᠵᠦ᠂ ᠬᠤᠶᠠᠳᠤᠭᠠᠷ ᠠᠵᠤ ᠦᠢᠯᠡᠰ ᠤᠨ ᠲᠤᠯᠭᠠᠭᠤᠷᠢᠯᠠᠯ ᠢ ᠴᠢᠩᠭᠠᠳᠬᠠᠵᠤ᠂ ᠭᠤᠷᠪᠠᠳᠤᠭᠠᠷ ᠠᠵᠤ | ᠦᠢᠯᠡᠰ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠶᠢᠯᠠᠯ ᠢ ᠲᠤᠰᠠᠯᠠᠬᠤ ᠦᠢᠯᠡᠴᠢᠯᠡᠭᠡ᠂ ᠬᠡᠪᠴᠢᠶᠡᠵᠢᠯ ᠠᠴᠠ ᠳᠣᠷᠣᠭᠰᠢᠬᠢ ᠠᠵᠤ | ᠠᠬᠤᠶᠢᠯᠠᠯ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠪᠣᠯᠣᠨ ᠬᠥᠭᠵᠢᠨ ᠪᠤᠵᠠᠭᠠᠶᠢᠷᠠᠬᠤ ᠵᠡᠷᠭᠡ ᠠᠵᠢᠯ ᠢ ᠶᠡᠬᠡᠪᠡᠷ ᠠᠬᠢᠭᠤᠯᠵᠤ᠂ ᠰᠢᠨ᠎ᠡ ᠪᠠᠷ | ᠨᠡᠮᠡᠭᠳᠡᠬᠦ ᠬᠥᠳᠡᠯᠭᠡᠬᠦ ᠬᠦᠴᠦᠨ ᠢ ᠢᠳᠡᠪᠬᠢᠲᠡᠢ ᠪᠣᠶᠢᠵᠢᠭᠤᠯᠵᠤ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠨ ᠬᠥᠭᠵᠢᠬᠦ ᠶᠢ ᠠᠬᠢᠭᠤᠯᠬᠤ ᠬᠡᠷᠡᠭᠲᠡᠢ᠃ | ᠦ᠋ ᠰᠢᠤᠸᠠᠢ ᠶᠦᠩ ᠢᠯᠡᠷᠬᠡᠶᠢᠯᠡᠭᠰᠡᠨ ᠨᠢ᠂ ᠲᠠᠶᠢᠯᠤᠮᠵᠢ ᠬᠢᠬᠦ ᠳᠤᠭᠤᠶᠢᠯᠠᠩ ᠰᠢᠨ᠎ᠡ ᠪᠠᠷᠭᠤ ᠵᠡᠭᠦᠨ ᠬᠤᠰᠢᠭᠤᠨ ᠤ ᠠᠵᠤ ᠠᠬᠤᠢ ᠶᠢᠨ | ᠠᠵᠢᠯᠯᠠᠭᠠᠨ ᠤ ᠪᠠᠶᠢᠳᠠᠯ ᠤᠨ ᠲᠤᠬᠠᠢ ᠨᠠᠷᠢᠨ ᠣᠨᠣᠪᠴᠢᠲᠠᠢ ᠪᠥᠭᠡᠳ ᠲᠤᠭᠤᠰᠢᠲᠠᠢ ᠵᠠᠳᠠᠯᠤᠯᠲᠠ ᠬᠢᠵᠦ᠂ ᠳᠤᠷᠠᠳᠤᠭᠰᠠᠨ ᠠᠷᠭ᠎ᠠ ᠪᠣᠳᠣᠯᠭ᠎ᠠ ᠰᠠᠨᠠᠭᠤᠯᠭ᠎ᠠ ᠨᠢ | ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠵᠤ᠂ ᠳᠠᠷᠠᠭᠠᠴᠢ ᠶᠢᠨ ᠠᠯᠬᠤᠮ ᠳᠤ ᠠᠵᠤ ᠠᠬᠤᠢ ᠶᠢᠨ ᠠᠵᠢᠯ ᠢ ᠨᠡᠩ | ᠰᠠᠶᠢᠲᠤᠷ ᠥᠷᠨᠢᠭᠦᠯᠬᠦ ᠳᠤ ᠰᠡᠳᠬᠢᠴᠡ ᠶᠢ ᠲᠣᠳᠣᠷᠬᠠᠶᠢᠯᠠᠵᠤ᠂ ᠠᠷᠭ᠎ᠠ ᠵᠠᠮ ᠢ ᠲᠣᠳᠣᠷᠬᠠᠢ ᠪᠣᠯᠭᠠᠵᠠᠢ᠃ ᠰᠢᠨ᠎ᠡ ᠪᠠᠷᠭᠤ ᠵᠡᠭᠦᠨ ᠬᠤᠰᠢᠭᠤ ᠬᠥᠯᠥᠨ ᠪᠤᠶᠢᠷ | ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠤᠷᠠᠳᠤᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠨᠠᠷᠢᠨ ᠬᠢᠨᠠᠮᠠᠭᠠᠢ ᠡᠮᠬᠢᠯᠡᠨ ᠰᠤᠳᠤᠯᠵᠤ᠂ | ᠬᠥᠭᠵᠢᠯᠲᠡ ᠶᠢᠨ ᠳᠤᠲᠠᠭᠤᠳᠠᠯ ᠢᠶᠠᠨ ᠨᠥᠬᠦᠪᠦᠷᠢᠯᠡᠵᠦ᠂ ᠬᠠᠳᠠ ᠴᠢᠯᠠᠭᠤ ᠮᠡᠲᠦ ᠬᠠᠲᠠᠭᠤ ᠵᠣᠷᠢᠭ ᠪᠣᠯᠣᠨ ᠡᠷᠴᠢ ᠵᠣᠷᠢᠭ ᠢᠶᠠᠷ ᠠᠵᠤ ᠠᠬᠤᠢ ᠶᠢᠨ | ᠠᠵᠢᠯᠯᠠᠭᠠᠨ ᠤ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠨ᠎ᠠ᠃ |