5 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠰᠢᠨ᠎ᠡ ᠪᠠᠷᠭᠤ | ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2025 ᠣᠨ ᠤ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | | ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠯᠢᠶᠣᠤᠨᠢᠩ ᠤᠨ ᠯᠢᠶᠤᠤᠶᠠᠩ ᠬᠤᠲᠠ ᠶᠢᠨ ᠪᠠᠢ ᠲᠠ ᠲᠣᠭᠤᠷᠢᠭ ᠤᠨ ᠨᠢᠭᠡᠨ | ᠵᠣᠴᠢᠳ ᠤᠨ ᠪᠠᠭᠤᠳᠠᠯ ᠳᠤ ᠭᠠᠯ ᠤᠨ ᠠᠶᠤᠯ ᠭᠠᠷᠤᠭᠰᠠᠨ ᠪᠠ ᠭᠦᠢᠵᠧᠦ ᠶᠢᠨ ᠪᠢᠵᠢᠶᠧ ᠬᠤᠲᠠ ᠪᠠ ᠴᠢᠶᠠᠨ ᠰᠢ ᠬᠤᠲᠠ ᠶᠢᠨ ᠦᠵᠡᠮᠵᠢ ᠶᠢᠨ ᠣᠷᠣᠨ ᠳᠤ | ᠵᠤᠭᠠᠴᠠᠯ ᠤᠨ ᠣᠩᠭᠤᠴᠠ ᠤᠷᠪᠠᠭᠰᠠᠨ ᠬᠡᠷᠡᠭ ᠭᠠᠷᠤᠭᠰᠠᠨ ᠶᠠᠪᠤᠳᠠᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠠᠶᠤᠯᠭᠦᠢ | ᠦᠢᠯᠡᠳᠪᠦᠷᠢᠯᠡᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠴᠢᠬᠤᠯᠠᠴᠢᠯᠠᠭᠰᠠᠨ ᠨᠢ᠂ ︽ᠴᠠᠭ ᠢᠮᠠᠭᠲᠠ | ᠰᠡᠳᠬᠢᠯ ᠲᠠᠯᠪᠢᠬᠤ︾ᠬᠠᠷᠢᠭᠤᠴᠠᠯᠭᠠᠲᠤ ᠰᠡᠳᠬᠢᠯᠭᠡ ᠪᠠᠷ ᠡᠯ᠎ᠡ ᠠᠵᠢᠯ ᠲᠦᠷᠦᠯ ᠤᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ ᠭᠡᠵᠡᠢ᠃ | ᠬᠤᠷᠠᠯ ᠠᠴᠠ 4 ᠰᠠᠷ᠎ᠠ ᠶᠢᠨ 25 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ | ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠠᠵᠢᠯ ᠤᠨ ᠵᠠᠳᠠᠯᠤᠯᠲᠠ ᠶᠢᠨ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠵᠤ᠂ ᠪᠥᠬᠦ ᠬᠤᠰᠢᠭᠤᠨ ᠤ 1︱4 ᠳ᠋ᠦ᠋ᠭᠡᠷ ᠰᠠᠷ᠎ᠠ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠮᠡᠳᠡᠭᠳᠡᠵᠦ ᠴᠢᠬᠤᠯᠠᠴᠢᠯᠠᠭᠰᠠᠨ | ᠨᠢ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠵᠦ᠂ ᠳᠠᠪᠠᠭᠤᠯᠢᠭ ᠢᠶᠠᠨ ᠪᠠᠳᠠᠷᠠᠭᠤᠯᠤᠨ᠂ | ᠳᠤᠲᠠᠭᠤᠳᠠᠯ ᠢᠶᠠᠨ ᠨᠥᠬᠦᠪᠦᠷᠢᠯᠡᠵᠦ᠂ ᠬᠤᠭᠤᠰᠤᠨ ᠢ ᠪᠥᠭᠯᠡᠵᠦ᠂ ︽ᠬᠤᠣᠰ ᠢᠶᠠᠷ ᠵᠠᠭᠤᠨ ᠤ ᠲᠠᠪᠢ ᠶᠢ ᠥᠩᠭᠡᠷᠡᠭᠡᠬᠦ︾ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ | ᠭᠡᠵᠡᠢ᠃ | ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠤᠨ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ | ᠬᠢᠬᠦ ᠳᠡᠭᠡᠨ ᠳᠤᠷᠠᠳᠤᠭᠰᠠᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠴᠤ ᠴᠢᠬᠤᠯᠠᠴᠢᠯᠠᠭᠰᠠᠨ ᠨᠢ᠂ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠬᠠᠮᠢᠶᠠᠷᠤᠯᠲᠠ ᠶᠢ ᠦᠷᠭᠦᠯᠵᠢᠯᠡᠨ ᠠᠬᠢᠭᠤᠯᠵᠤ᠂ ︽ᠲᠥᠪ ᠦᠢᠯᠡᠳᠬᠡᠪᠦᠷᠢ︾᠂ ᠡᠯᠧᠺᠲᠷᠣᠨ ᠴᠢᠬᠢᠨ ᠲᠡᠮᠳᠡᠭ ᠤᠨ ᠮᠥᠷᠳᠡᠨ | ᠨᠡᠬᠡᠮᠵᠢᠯᠡᠬᠦ ᠰᠢᠰᠲ᠋ᠧᠮ᠂ ᠡᠮᠦᠨ᠎ᠡ ᠶᠡᠭᠡ ᠡᠭᠦᠳᠡ ᠶᠢᠨ ᠪᠠᠶᠢᠭᠤᠯᠤᠯᠲᠠ ᠪᠣᠯᠣᠨ ᠭᠤᠷᠪᠠᠨ ᠰᠠᠶᠢᠬᠠᠨ ᠨᠡᠭᠦᠳᠡᠯ ᠮᠠᠯᠵᠢᠯ ᠤᠨ ᠠᠵᠢᠯᠯᠠᠭ᠎ᠠ ᠶᠢᠨ ᠤᠬᠠᠭᠤᠯᠭ᠎ᠠ ᠶᠢ | ᠲᠦᠷᠭᠡᠨ ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ 2025 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠦᠷᠳᠡᠭᠡ ᠳᠤ ᠵᠢᠭᠠᠨ | ᠵᠢᠯᠤᠭᠤᠳᠴᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ︽ᠲᠠᠪᠤᠨ ᠶᠡᠭᠡ ᠡᠭᠦᠷᠭᠡ︾ 2025 ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠵᠡᠷᠭᠡ ᠪᠤᠰᠤᠳ ᠶᠠᠪᠤᠳᠠᠯ ᠢ ᠰᠤᠳᠤᠯᠤᠨ ᠬᠢᠨᠠᠨ | ᠵᠥᠪᠯᠡᠪᠡ᠃ |