2025 ᠣᠨ ᠤ 5 ᠰᠠᠷ᠎ᠠ ᠶᠢᠨ 29 ᠤ ᠡᠳᠦᠷ᠂ ᠬᠤᠶᠠᠷ ᠪᠠᠶᠠᠷ ᠤᠨ ᠬᠤᠭᠤᠴᠠᠭᠠᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠶᠠᠰᠤ ᠴᠢᠨᠠᠷ ᠤᠨ ᠠᠮᠤᠷ ᠲᠦᠪᠰᠢᠨ ᠢ ᠰᠠᠶᠢᠲᠤᠷ ᠬᠢᠬᠦ ᠶᠢᠨ ᠲᠥᠯᠥᠭᠡ᠂ ᠰᠢᠨ᠎ᠡ ᠪᠠᠷᠭᠤ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ | ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠤ ᠲᠥᠪ ᠪᠣᠯᠣᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠶᠢ ᠵᠣᠬᠢᠶᠠᠨ ᠪᠠᠶᠢᠭᠤᠯᠵᠤ ᠬᠠᠮᠲᠤᠷᠠᠭᠰᠠᠨ | ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠰᠢᠨ᠎ᠡ ᠪᠠᠷᠭᠤ ᠵᠡᠭᠦᠨ ᠬᠤᠰᠢᠭᠤᠨ ᠤ ᠲᠡᠵᠢᠭᠡᠯ ᠪᠣᠷᠳᠤᠭ᠎ᠠ ᠶᠢᠨ ᠡᠵᠡᠩᠨᠡᠯᠲᠡ ᠪᠠ ᠬᠡᠷᠡᠭᠯᠡᠯᠲᠡ ᠶᠢᠨ ᠭᠤᠭᠴᠤᠭ᠎ᠠ ᠳᠤ | ᠠᠮᠤᠷ ᠲᠦᠪᠰᠢᠨ ᠤ ᠶᠡᠭᠡ ᠪᠠᠶᠢᠴᠠᠭᠠᠯᠲᠠ ᠬᠢᠵᠡᠢ᠃ ᠲᠤᠰ ᠤᠳᠠᠭᠠᠨ ᠤ ᠠᠵᠢᠯ ᠨᠢ ᠭᠤᠣᠯᠳᠠᠭᠤ ᠲᠡᠵᠢᠭᠡᠯ ᠪᠣᠷᠳᠣᠭᠠᠨ ᠤ ᠳᠡᠯᠭᠡᠭᠦᠷ ᠤᠨ ᠪᠠᠷᠠᠭ᠎ᠠ ᠣᠷᠣᠭᠤᠯᠤᠭᠰᠠᠨ | ᠪᠠ ᠪᠣᠷᠣᠯᠠᠭᠤᠯᠤᠭᠰᠠᠨ ᠡᠬᠡ ᠳᠠᠩᠰᠠ᠂ ᠲᠡᠵᠢᠭᠡᠯ ᠪᠣᠷᠳᠣᠭᠠᠨ ᠤ ᠱᠣᠰᠢᠭ᠎ᠠ ᠲᠡᠮᠳᠡᠭ᠂ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠵᠡᠷᠭᠡ ᠳᠤ ᠴᠢᠭᠯᠡᠭᠦᠯᠵᠦ᠂ | ᠬᠤᠭᠤᠴᠠᠭ᠎ᠠ ᠨᠢ ᠥᠩᠭᠡᠷᠡᠭᠰᠡᠨ ᠲᠡᠵᠢᠭᠡᠯ ᠪᠣᠷᠳᠣᠭᠠᠨ ᠤ ᠪᠦᠲᠦᠭᠡᠭᠳᠡᠬᠦᠨ ᠢ ᠪᠣᠷᠣᠯᠠᠭᠤᠯᠤᠭᠰᠠᠨ ᠪᠤᠶᠤ ᠬᠡᠷᠡᠭᠯᠡᠭᠰᠡᠨ ᠡᠰᠡᠬᠦ ᠶᠢ ᠪᠠᠶᠢᠴᠠᠭᠠᠨ ᠦᠵᠡᠵᠦ᠂ ᠲᠡᠵᠢᠭᠡᠯ | ᠪᠣᠷᠳᠣᠭᠠᠨ ᠳᠤ ᠴᠠᠭᠠᠵᠠᠲᠠᠢ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠪᠠ ᠴᠠᠭᠠᠵᠠᠲᠠᠢ ᠡᠮ ᠤᠨ ᠵᠦᠢᠯ ᠢ ᠨᠡᠮᠡᠭᠰᠡᠨ ᠪᠠᠶᠢᠳᠠᠯ ᠭᠠᠷᠤᠭᠰᠠᠨ ᠦᠭᠡᠢ᠂ | ᠲᠡᠵᠢᠭᠡᠯ ᠪᠣᠷᠳᠣᠭᠠᠨ ᠤ ᠪᠦᠲᠦᠭᠡᠭᠳᠡᠬᠦᠨ ᠤ ᠪᠣᠭᠤᠳᠠᠯ ᠪᠠᠭᠯᠠᠭ᠎ᠠ᠂ ᠱᠣᠰᠢᠭ᠎ᠠ ᠲᠡᠮᠳᠡᠭ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ᠂ ᠴᠢᠨᠠᠷ ᠢ ᠪᠠᠲᠤᠯᠠᠬᠤ ᠬᠤᠭᠤᠴᠠᠭ᠎ᠠ᠂ | ᠶᠠᠰᠤ ᠴᠢᠨᠠᠷ ᠤᠨ ᠬᠢᠷᠢ ᠲᠡᠩᠴᠡᠭᠰᠡᠨ ᠦᠨᠡᠮᠯᠡᠯ ᠵᠢᠴᠢ ᠬᠡᠷᠡᠭᠯᠡᠬᠦ ᠲᠣᠳᠣᠷᠬᠠᠶᠢᠯᠠᠯᠲᠠ ᠶᠢᠨ ᠪᠢᠴᠢᠭ ᠵᠡᠷᠭᠡ ᠡᠩ ᠤᠨ ᠪᠠᠷᠢᠮᠵᠢᠶ᠎ᠠ ᠨᠢ ᠴᠥᠮ ᠤᠯᠤᠰ ᠤᠨ | ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠵᠡᠢ᠃ᠪᠠᠶᠢᠴᠠᠭᠠᠯᠲᠠ ᠶᠢᠨ ᠬᠤᠭᠤᠴᠠᠭᠠᠨ ᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠲᠥᠪ ᠤᠨ ᠠᠵᠢᠯᠲᠠᠨ ᠪᠠᠰᠠ ᠳᠠᠮᠵᠢᠭᠤᠯᠤᠨ ᠪᠣᠷᠣᠯᠠᠭᠤᠯᠤᠭᠰᠠᠨ ᠲᠡᠵᠢᠭᠡᠯ ᠪᠣᠷᠳᠤᠭ᠎ᠠ ᠳᠤ ᠨᠡᠶᠢᠲᠡ 4 ᠪᠦᠯᠦᠭ ᠤᠳᠠᠭ᠎ᠠ ᠬᠢᠨᠠᠯᠲᠠ | ᠲᠠᠯᠪᠢᠵᠤ ᠰᠤᠭᠤᠴᠢᠨ ᠪᠠᠶᠢᠴᠠᠭᠠᠯᠲᠠ ᠬᠢᠵᠡᠢ᠃ | | | | | | | | ᠪᠠᠶᠢᠴᠠᠭᠠᠬᠤ ᠳᠤᠭᠤᠶᠢᠯᠠᠩ ᠪᠣᠷᠣᠯᠠᠭᠤᠯᠬᠤ ᠬᠤᠳᠠᠯᠳᠤᠭᠠᠴᠢᠨ ᠳᠤ ᠬᠠᠮᠢᠶ᠎ᠠ ᠪᠦᠬᠦᠢ ᠠᠵᠢᠯ ᠲᠥᠷᠥᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ | ᠤᠬᠠᠭᠤᠯᠭ᠎ᠠ ᠬᠥᠮᠦᠵᠢᠯ ᠬᠢᠬᠦ ᠶᠢᠨ ᠬᠠᠮᠲᠤ ᠱᠠᠭᠠᠷᠳᠠᠭᠰᠠᠨ ᠨᠢ᠂ ᠵᠠᠪᠠᠯ ᠨᠢᠭᠡᠳᠦᠭᠡᠷ ᠬᠠᠷᠢᠭᠤᠴᠠᠯᠭᠠᠲᠠᠨ ᠤ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ | ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠠᠵᠢᠯ ᠢ ᠭᠦᠨᠵᠡᠭᠡᠢ ᠰᠠᠶᠢᠲᠤᠷ ᠬᠢᠵᠦ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ ᠪᠥᠬᠦ | ᠬᠦᠴᠦᠨ ᠢᠶᠠᠷ ᠢᠶᠠᠨ ᠠᠷᠢᠯᠭᠠᠵᠤ᠂ ᠠᠳᠡᠯ ᠭᠡᠮᠲᠦᠯ ᠦᠭᠡᠢ᠂ ᠬᠡᠮ ᠰᠣᠭᠤᠭ ᠦᠭᠡᠢ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠲᠡᠵᠢᠭᠡᠯ ᠪᠣᠷᠳᠣᠭᠠᠨ ᠤ ᠠᠵᠢᠯ ᠲᠥᠷᠥᠯ ᠤᠨ | ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃ | | | | | |