ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠪᠠᠶᠠᠷ ᠤᠨ ᠡᠳᠦᠷ ᠤᠨ ᠬᠠᠯᠠᠭᠤᠨ ᠳᠤᠯᠠᠭᠠᠨ ᠢ ᠳᠠᠮᠵᠢᠭᠤᠯᠬᠤ ᠶᠢᠨ | ᠲᠥᠯᠥᠭᠡ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠬᠦᠷᠴᠦ ᠢᠷᠡᠬᠦ ᠲᠠᠰᠢᠷᠠᠮ ᠢᠶᠠᠷ᠂ ᠭᠠᠨᠵᠤᠤᠷ ᠰᠤᠮᠤ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠭᠠᠵᠠᠷ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠳᠤ ᠽᠦᠩᠽᠢ ᠬᠦᠷᠭᠡᠵᠦ᠂ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ︾ ᠭᠡᠬᠦ ᠲᠠᠪᠤᠨ | ᠰᠠᠷ᠎ᠠ ᠶᠢᠨ ᠰᠢᠨ᠎ᠡ ᠶᠢᠨ ᠲᠠᠪᠤᠨ ᠤ ᠲᠣᠬᠤᠨᠢᠭᠤᠯᠬᠤ ᠬᠥᠳᠡᠯᠭᠡᠭᠡᠨ ᠥᠷᠨᠢᠭᠦᠯᠵᠦ ᠪᠠᠶᠠᠷ ᠤᠨ ᠡᠳᠦᠷ ᠤᠨ ᠠᠭᠤᠷ ᠠᠮᠢᠰᠬᠤᠯ ᠪᠣᠯᠣᠨ ᠬᠠᠶᠢᠷ᠎ᠠ ᠬᠠᠯᠠᠮᠵᠢ ᠶᠢᠨ | ᠰᠡᠳᠬᠢᠯᠭᠡ ᠶᠢ ᠤᠯᠠᠨ ᠲᠦᠮᠡᠨ ᠤ ᠳᠡᠷᠭᠡᠳᠡ ᠬᠦᠷᠭᠡᠵᠡᠢ᠃ | | | | | | | | ᠠᠵᠢᠯᠲᠠᠳ ᠨᠠᠷᠢᠨ ᠨᠢᠮᠪᠠᠢ ᠪᠡᠯᠡᠳᠬᠡᠭᠰᠡᠨ ᠲᠣᠬᠤᠨᠢᠭᠤᠯᠬᠤ ᠡᠳ᠋ ᠪᠣᠳᠠᠰ ᠢᠶᠠᠨ ᠠᠪᠴᠤ᠂ ᠬᠥᠳᠡᠯᠵᠦ ᠪᠠᠷᠢᠬᠤ ᠳᠤ ᠳᠥᠭᠦᠮ ᠦᠭᠡᠢ᠂ ᠠᠮᠢᠳᠤᠷᠠᠯ ᠨᠢ | ᠬᠦᠴᠢᠷᠲᠡᠢ ᠣᠯᠠᠨ ᠲᠦᠮᠡᠨ ᠤ ᠭᠡᠷ ᠲᠤ ᠬᠦᠷᠴᠦ ᠲᠣᠬᠤᠨᠢᠭᠤᠯᠪᠠ᠃ ᠲᠣᠬᠤᠨᠢᠭᠤᠯᠤᠭᠰᠠᠨ ᠡᠷᠤᠬᠡ ᠪᠣᠯᠭᠠᠨ ᠳᠤ ᠠᠵᠢᠯᠲᠠᠨ ᠴᠥᠮ ᠲᠣᠬᠤᠨᠢᠭᠤᠯᠬᠤ ᠡᠲᠡᠭᠡᠳ ᠲᠠᠢ | ᠳᠣᠲᠣᠨᠣ ᠪᠠᠷ ᠶᠠᠷᠢᠯᠴᠠᠵᠤ᠂ ᠲᠡᠳᠡᠨ ᠤ ᠪᠡᠶ᠎ᠡ ᠶᠢᠨ ᠪᠠᠶᠢᠳᠠᠯ᠂ ᠠᠮᠢᠳᠤᠷᠠᠯ ᠤᠨ ᠪᠠᠶᠢᠳᠠᠯ ᠪᠠ ᠪᠣᠳᠠᠲᠠᠢ ᠬᠦᠴᠢᠷᠳᠡᠯ ᠢ ᠨᠠᠷᠢᠨ ᠣᠶᠢᠯᠠᠭᠠᠬᠤ ᠶᠢᠨ ᠬᠠᠮᠲᠤ᠂ ᠲᠡᠳᠡᠨ ᠳᠤ | ᠪᠡᠶ᠎ᠡ ᠪᠠᠨ ᠬᠢᠴᠢᠶᠡᠵᠦ᠂ ᠢᠳᠡᠪᠬᠢᠲᠡᠢ ᠪᠠᠶᠠᠰᠤᠩᠭᠤᠢ ᠣᠪᠣᠷ ᠢᠶᠠᠷ ᠠᠮᠢᠳᠤᠷᠠᠯ ᠳᠤ ᠬᠠᠨᠳᠤᠵᠤ᠂ ᠬᠦᠴᠢᠷᠳᠡᠯ ᠲᠠᠢ ᠪᠣᠯ ᠴᠠᠭ ᠲᠤᠬᠠᠢ ᠳᠤᠨᠢ ᠬᠠᠷᠢᠯᠴᠠᠭᠠᠷᠠᠢ ᠭᠡᠵᠦ | ᠵᠠᠬᠢᠭᠰᠠᠨ ᠪᠠᠶᠢᠨ᠎ᠠ᠃ ᠡᠭᠦᠨ ᠤ ᠵᠡᠷᠭᠡ ᠳᠤ᠂ ᠠᠵᠢᠯᠲᠠᠳ ᠪᠠᠰᠠ ᠲᠡᠳᠡᠨ ᠳᠤ ᠠᠩᠬᠢᠯᠤᠮ᠎ᠠ ᠦᠨᠦᠷ ᠬᠠᠩᠬᠤᠯᠤᠭᠰᠠᠨ ᠽᠦᠩᠽᠢ᠂ ᠲᠠᠬᠢᠶᠠᠨ ᠥᠨᠳᠡᠭᠡ ᠵᠢᠴᠢ ᠦᠨᠢᠶᠡᠨ | ᠰᠦ ᠵᠡᠷᠭᠡ ᠲᠣᠬᠤᠨᠢᠭᠤᠯᠬᠤ ᠪᠣᠳᠠᠰ ᠪᠣᠯᠣᠨ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠦ᠂ ᠲᠡᠳᠡᠨ ᠳᠤ ᠨᠠᠮ ᠪᠣᠯᠣᠨ ᠵᠠᠰᠠᠭ ᠤᠨ ᠣᠷᠳᠣᠨ ᠤ ᠬᠠᠯᠠᠮᠵᠢᠯᠠᠯ ᠢ | ᠦᠨᠡᠨᠬᠦ ᠬᠦᠷᠲᠡᠭᠡᠭᠰᠡᠨ ᠪᠠᠶᠢᠨ᠎ᠠ᠃ | | | | | | ︽ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠦᠭᠡᠢ᠂ ᠰᠠᠯᠠᠭ᠎ᠠ ᠨᠠᠮᠠᠭ᠎ᠠ ᠬᠡᠵᠢᠶᠡᠳᠡ ᠬᠠᠶᠢᠷ᠎ᠠ ᠰᠡᠳᠬᠢᠯᠭᠡ ᠲᠠᠢ ᠬᠤᠯᠪᠣᠭᠳᠠᠨ᠎ᠠ︾᠃ ᠠᠩᠬᠢᠯᠤᠮ᠎ᠠ | ᠦᠨᠦᠷ ᠬᠠᠩᠬᠤᠯᠤᠭᠰᠠᠨ ᠽᠦᠩᠽᠢ ᠳᠤᠮᠳᠠ᠂ ᠭᠠᠨᠵᠤᠤᠷ ᠰᠤᠮᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠪᠣᠳᠠᠲᠤ | ᠠᠵᠢᠯᠯᠠᠭ᠎ᠠ ᠪᠠᠷ ᠢᠶᠠᠨ ᠠᠷᠠᠳ ᠲᠦᠮᠡᠨ ᠳᠤ ᠦᠢᠯᠡᠴᠢᠯᠡᠬᠦ ᠤᠭ ᠰᠠᠨᠠᠭ᠎ᠠ ᠶᠢ ᠲᠠᠶᠢᠯᠪᠤᠷᠢᠯᠠᠭᠰᠠᠨ ᠪᠠᠶᠢᠨ᠎ᠠ᠃ ᠲᠤᠰ ᠤᠳᠠᠭᠠᠨ ᠤ ᠲᠣᠬᠤᠨᠢᠭᠤᠯᠤᠯ ᠨᠢ ᠬᠦᠴᠢᠷᠳᠡᠯᠲᠡᠢ | ᠣᠯᠠᠨ ᠲᠦᠮᠡᠨ ᠳᠤ ᠠᠮᠢᠳᠤᠷᠠᠯ ᠤᠨ ᠡᠳ᠋ ᠪᠣᠳᠠᠰ ᠬᠦᠷᠭᠡᠭᠰᠡᠨ ᠢᠶᠠᠷ ᠪᠠᠷᠠᠬᠤ ᠦᠭᠡᠢ᠂ ᠨᠠᠩ ᠴᠤ ᠪᠠᠶᠠᠷ ᠤᠨ ᠡᠳᠦᠷ ᠤᠨ ᠪᠠᠶᠠᠷ ᠬᠥᠷ ᠲᠠᠢ ᠠᠭᠤᠷ ᠠᠮᠢᠰᠬᠤᠯ ᠪᠠ | ᠣᠶᠤᠨ ᠰᠠᠨᠠᠭᠠᠨ ᠤ ᠲᠠᠶᠢᠳᠬᠤᠷᠠᠭᠤᠯᠤᠯ ᠢ ᠬᠦᠷᠭᠡᠭᠰᠡᠨ ᠪᠥᠭᠡᠳ ᠤᠯᠠᠮᠵᠢᠯᠠᠯᠲᠤ ᠪᠠᠶᠠᠷ ᠤᠨ ᠡᠳᠦᠷ ᠢ ᠨᠠᠮ ᠪᠠ ᠣᠯᠠᠨ ᠲᠦᠮᠡᠨ ᠤ ᠬᠠᠷᠢᠴᠠᠭ᠎ᠠ ᠶᠢ | ᠨᠢᠭᠲᠠᠷᠠᠭᠤᠯᠬᠤ ᠰᠡᠳᠬᠢᠯ ᠢ ᠳᠤᠯᠠᠭᠠᠴᠠᠭᠤᠯᠬᠤ ᠬᠤᠯᠪᠣᠭᠠᠰᠤ ᠪᠣᠯᠭᠠᠭᠰᠠᠨ ᠪᠠᠶᠢᠨ᠎ᠠ᠃ ᠢᠷᠡᠭᠡᠳᠦᠢ ᠳᠤ᠂ ᠭᠠᠨᠵᠤᠤᠷ ᠰᠤᠮᠤᠨ ᠤ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠭᠠᠵᠠᠷ ︽ᠪᠠᠶᠠᠷ ᠤᠨ ᠡᠳᠦᠷ ᠤᠨ ᠲᠣᠬᠤᠨᠢᠭᠤᠯᠤᠯ + ᠬᠡᠪ ᠤᠨ ᠪᠠᠶᠢᠳᠠᠯ ᠢᠶᠠᠷ ᠬᠠᠪᠰᠤᠷᠤᠨ ᠲᠡᠳᠬᠦᠬᠦ︾ ᠲᠣᠭᠲᠠᠴᠠ ᠶᠢ | ᠦᠷᠭᠦᠯᠵᠢᠯᠡᠨ ᠲᠡᠭᠦᠯᠳᠡᠷᠵᠢᠭᠦᠯᠵᠦ᠂ ᠦᠢᠯᠡᠳᠦᠯᠭᠡ ᠶᠢᠨ ᠠᠭᠤᠯᠭ᠎ᠠ ᠪᠠ ᠬᠡᠯᠪᠡᠷᠢ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠬᠠᠶᠢᠷ᠎ᠠ ᠬᠠᠯᠠᠮᠵᠢᠯᠠᠯ ᠢ ᠤᠯᠠᠨ | ᠲᠦᠮᠡᠨ ᠤ ᠰᠡᠳᠬᠢᠯ ᠳᠤ ᠬᠦᠷᠭᠡᠵᠦ᠂ ᠬᠦᠴᠢᠷᠳᠡᠯᠲᠡᠢ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠦᠨᠡᠨᠬᠦ ᠳᠡᠭᠡᠭᠰᠢᠯᠡᠭᠦᠯᠵᠦ᠂ | ᠬᠦᠴᠢᠷᠳᠡᠯᠲᠡᠢ ᠤᠯᠠᠨ ᠲᠦᠮᠡᠨ ᠳᠤ ᠨᠡᠩ ᠤᠯᠠᠨ ᠬᠠᠶᠢᠷ᠎ᠠ ᠬᠠᠯᠠᠮᠵᠢ ᠪᠠ ᠬᠦᠰᠡᠯ ᠡᠷᠡᠮᠡᠯᠵᠡᠯ ᠢ ᠬᠦᠷᠭᠡᠵᠦ᠂ ᠪᠣᠯᠪᠠᠰᠤᠨ ᠡᠶ᠎ᠡ ᠵᠣᠬᠢᠴᠠᠩᠭᠤᠢ᠂ ᠬᠠᠷᠢᠯᠴᠠᠨ | ᠬᠠᠪᠰᠤᠷᠤᠯᠴᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ᠃ | | |