ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ᠂ ᠦᠨᠳᠦᠰᠦᠲᠡᠨ ᠱᠠᠰᠢᠨ ᠰᠤᠷᠲᠠᠬᠤᠨ ᠤ | ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠤᠷᠤᠯᠴᠠᠯᠭ᠎ᠠ ᠤᠬᠠᠭᠤᠯᠭ᠎ᠠ ᠶᠢ ᠴᠢᠩᠭᠠᠳᠬᠠᠬᠤ ᠶᠢᠨ ᠲᠥᠯᠥᠭᠡ᠂ 5 ᠰᠠᠷ᠎ᠠ ᠶᠢᠨ 29 ᠤ ᠡᠳᠦᠷ᠂ ᠭᠠᠨᠵᠤᠤᠷ | ᠰᠤᠮᠤ ᠭᠠᠨᠵᠤᠤᠷ ᠰᠦᠮ᠎ᠡ ᠳᠤ ᠭᠦᠨᠵᠡᠭᠡᠶᠢᠷᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ | ᠬᠥᠮᠦᠵᠢᠯ ᠢ ᠥᠷᠨᠢᠭᠦᠯᠵᠦ᠂ ᠰᠤᠮᠤ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠵᠢᠴᠢ ᠠᠵᠢᠯᠲᠠᠨ᠂ ᠭᠠᠨᠵᠤᠤᠷ ᠬᠢᠯᠢ ᠶᠢᠨ ᠲᠣᠮᠢᠯᠠᠭᠰᠠᠨ ᠰᠠᠯᠪᠤᠷᠢ ᠶᠢᠨ | ᠠᠷᠠᠳ ᠤᠨ ᠴᠠᠭᠳᠠᠭ᠎ᠠ᠂ ᠭᠠᠨᠵᠤᠤᠷ ᠭᠠᠴᠠᠭ᠎ᠠ ᠶᠢᠨ ᠰᠦᠯᠵᠢᠶᠡᠨ ᠤ ᠠᠵᠢᠯᠲᠠᠨ᠂ ᠭᠠᠨᠵᠤᠤᠷ ᠰᠦᠮ᠎ᠡ ᠶᠢᠨ ᠱᠠᠰᠢᠨ ᠰᠤᠷᠲᠠᠬᠤᠨ ᠤ ᠠᠵᠢᠯᠲᠠᠳ ᠣᠷᠣᠯᠴᠠᠪᠠ᠃ | | | | | ᠤᠬᠠᠭᠤᠯᠭ᠎ᠠ ᠬᠥᠮᠦᠵᠢᠯ ᠤᠨ ᠳᠤᠮᠳᠠ᠂ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ | ᠵᠠᠰᠠᠬᠤ ᠤᠬᠠᠭᠤᠯᠭ᠎ᠠ ᠶᠢᠨ ᠭᠠᠷᠠᠭ︾ ᠲᠠᠢ ᠤᠶᠠᠯᠳᠤᠭᠤᠯᠤᠨ ᠰᠤᠮᠤᠨ ᠤ ᠨᠢᠭᠡᠳᠦᠮᠡᠯ ᠹᠷᠣᠨᠲ ᠤᠨ ᠭᠡᠰᠢᠭᠦᠨ ︽ᠶᠡᠷᠦᠩᠬᠡᠢ ᠱᠦᠵᠢ ᠶᠢᠨ ᠦᠨᠳᠦᠰᠦᠲᠡᠨ ᠱᠠᠰᠢᠨ | ᠰᠤᠷᠲᠠᠬᠤᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠲᠡᠭᠦᠪᠦᠷᠢ︾ ︽ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ | ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠬᠤ ᠤᠩᠰᠢᠬᠤ ᠪᠢᠴᠢᠭ︾ ᠤᠨ ᠵᠢᠷᠭᠤᠳᠤᠭᠠᠷ ᠬᠡᠰᠡᠭ ᠤᠨ ᠠᠭᠤᠯᠭ᠎ᠠ ᠶᠢ ᠤᠯᠠᠮᠵᠢᠯᠠᠨ | ᠰᠤᠷᠤᠯᠴᠠᠬᠤ ᠶᠢᠨ ᠬᠠᠮᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠢᠮᠠᠭᠲᠠ ᠪᠠᠷᠢᠮᠲᠠᠯᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ | ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠵᠠᠰᠠᠯᠲᠠ ᠶᠢᠨ ᠬᠠᠤᠯᠢᠵᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠤ | ᠪᠦᠯᠬᠦᠮᠳᠡᠯ᠂ ᠱᠠᠰᠢᠨ ᠰᠤᠷᠲᠠᠬᠤᠨ ᠤ ᠡᠶ᠎ᠡ ᠵᠣᠬᠢᠴᠠᠯ ᠲᠠᠢ ᠰᠠᠶᠢᠨ ᠰᠠᠶᠢᠬᠠᠨ ᠪᠠᠶᠢᠳᠠᠯ ᠢ ᠲᠠᠰᠤᠷᠠᠯᠳᠠ ᠦᠭᠡᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | | | | | | ᠰᠤᠮᠤᠨ ᠤ ᠨᠡᠶᠢᠭᠡᠮ ᠤᠨ ᠵᠠᠰᠠᠯᠲᠠ ᠶᠢᠨ ᠠᠯᠪᠠᠨ ᠭᠡᠷ ᠤᠨ ᠠᠵᠢᠯᠲᠠᠨ᠂ ᠬᠢᠯᠢ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ᠂ ᠭᠠᠴᠠᠭᠠᠨ ᠤ | ᠲᠤᠤᠷᠵᠢᠭᠤᠯᠤᠯᠳᠠ ᠶᠢᠨ ᠠᠵᠢᠯᠲᠠᠨ ᠱᠠᠰᠢᠨ ᠰᠤᠷᠲᠠᠬᠤᠨ ᠤ ᠠᠵᠢᠯᠲᠠᠳ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠠᠶᠢᠭᠤᠯᠬᠤ ᠶᠢ ᠠᠬᠢᠭᠤᠯᠬᠤ ᠳᠦᠷᠢᠮ︾ ᠵᠢᠴᠢ ᠤᠬᠠᠭᠤᠯᠭ᠎ᠠ ᠶᠢᠨ | ᠡᠳ᠋ ᠪᠣᠳᠠᠰ ᠢ ᠲᠠᠷᠬᠠᠭᠠᠵᠤ᠂ ᠣᠨᠣᠯ ᠢᠶᠠᠷ ᠵᠡᠪᠰᠡᠭᠯᠡᠬᠦ ᠶᠢ ᠤᠯᠠᠮ ᠨᠢᠭᠡ ᠠᠯᠬᠤᠮ ᠪᠠᠲᠤᠳᠬᠠᠨ᠂ ᠠᠵᠢᠯ ᠤᠨ ᠰᠠᠭᠤᠷᠢ ᠶᠢ ᠪᠠᠬᠢᠵᠢᠭᠦᠯᠪᠡ᠃ | | | | | | | | | | | | | | |