ᠦ᠋ ᠰᠢᠤᠸᠠᠢ ᠶᠦᠩ ᠠᠮᠤᠭᠤᠯᠠᠩ ᠪᠠᠯᠭᠠᠰᠤ᠂ ᠰᠢᠨᠡᠪᠤᠯᠠᠭ ᠰᠤᠮᠤ ᠳᠤ ᠬᠦᠷᠴᠦ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/29
          5 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠠᠮᠤᠭᠤᠯᠠᠩ ᠪᠠᠯᠭᠠᠰᠤ ᠪᠠ ᠰᠢᠨᠡᠪᠤᠯᠠᠭ ᠰᠤᠮᠤᠨ ᠳᠤ ᠬᠦᠷᠴᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃          ᠠᠮᠤᠭᠤᠯᠠᠩ ᠪᠠᠯᠭᠠᠰᠤᠨ ᠤ ᠬᠤᠨᠳᠣ ᠭᠠᠴᠠᠭ᠎ᠠ ᠶᠢᠨ 2024 ᠣᠨ ᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠤᠷ ᠲᠤ᠂ ᠦ᠋ ᠰᠢᠤᠸᠠᠢ ᠶᠦᠩ ᠠᠵᠢᠯᠲᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠥᠷᠥᠯ ᠵᠦᠢᠯ ᠤᠨ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠪᠠ ᠲᠥᠷᠥᠯ ᠵᠦᠢᠯ ᠤᠨ ᠠᠬᠢᠴᠠ ᠶᠢ ᠰᠣᠨᠣᠰᠴᠤ᠂ ᠡᠯᠡᠰᠦᠨ ᠬᠠᠯᠬᠠᠪᠴᠢ ᠳᠡᠪᠢᠰᠦᠭᠰᠡᠨ ᠨᠢᠭᠲᠠᠴᠠ ᠶᠢ ᠨᠠᠷᠢᠨ ᠨᠢᠮᠪᠠᠢ ᠪᠠᠶᠢᠴᠠᠭᠠᠨ ᠦᠵᠡᠵᠦ᠂ ᠲᠦᠭᠦᠬᠡᠢ ᠮᠠᠲ᠋ᠧᠷᠢᠶᠠᠯ ᠤᠨ ᠢᠷᠡᠯᠲᠡ᠂ ᠪᠡᠯᠡ ᠮᠥᠩᠭᠦ ᠶᠢᠨ ᠪᠠᠲᠤᠯᠠᠭ᠎ᠠ᠂ ᠪᠡᠶᠡᠯᠡᠭᠦᠯᠦᠭᠰᠡᠨ ᠴᠠᠭ ᠤᠨ ᠬᠢᠵᠠᠭᠠᠷ ᠵᠢᠴᠢ ᠲᠠᠷᠠᠭᠠᠴᠢ ᠶᠢᠨ ᠬᠠᠮᠢᠶᠠᠷᠤᠯᠲᠠ ᠬᠠᠮᠠᠭᠠᠯᠠᠯᠲᠠ ᠵᠡᠷᠭᠡ ᠪᠠᠶᠢᠳᠠᠯ ᠢ ᠨᠠᠷᠢᠨ ᠬᠢᠨᠠᠮᠠᠭᠠᠢ ᠠᠰᠠᠭᠤᠨ ᠯᠠᠪᠯᠠᠵᠠᠢ᠃ ᠦ᠋ ᠰᠢᠤᠸᠠᠢ ᠶᠦᠩ ᠬᠡᠯᠡᠭᠰᠡᠨ ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠬᠤ ᠶᠢ ᠪᠠᠷᠢᠮᠲᠠᠯᠠᠵᠤ᠂ ᠲᠥᠯᠥᠪᠯᠡᠭᠡ ᠶᠢᠨ ᠲᠥᠰᠥᠯ ᠢ ᠵᠣᠬᠢᠰᠲᠠᠢ ᠲᠣᠭᠲᠠᠭᠠᠵᠤ᠂ ᠣᠷᠣᠨ ᠬᠤᠪᠢᠶᠠᠨ ᠲᠦᠷᠦᠯ ᠬᠤᠪᠢᠶᠠᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠥᠬᠦ ᠬᠤᠰᠢᠭᠤᠨ ᠤ ᠡᠯᠡᠰᠦᠵᠢᠭᠰᠡᠨ ᠭᠠᠵᠠᠷ ᠰᠢᠷᠣᠢ ᠶᠢᠨ ᠲᠠᠯᠠᠪᠠᠶ᠂ ᠲᠥᠷᠥᠯ ᠬᠡᠯᠪᠡᠷᠢ᠂ ᠲᠠᠷᠬᠠᠯᠲᠠ ᠵᠡᠷᠭᠡ ᠶᠢ ᠪᠠᠶᠢᠩᠭᠤᠵᠢᠭᠤᠯᠤᠨ ᠮᠥᠷᠳᠡᠵᠦ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ᠃ ᠤᠷᠳᠤ ᠬᠤᠭᠤᠴᠠᠭᠠᠨ ᠤ ᠲᠣᠭᠲᠠᠭᠤᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠠᠶᠢᠭᠤᠯᠵᠤ᠂ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠴᠣᠭᠴᠠᠯᠠᠬᠤ ᠬᠡᠷᠡᠭᠲᠡᠢ᠃          ᠰᠢᠨᠡᠪᠤᠯᠠᠭ ᠰᠤᠮᠤᠨ ᠤ ᠤᠯᠠᠨᠨᠠᠭᠤᠷ ᠭᠠᠴᠠᠭ᠎ᠠ ᠶᠢᠨ 2022 ᠣᠨ ᠤ ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠬᠦ ᠲᠥᠷᠥᠯ ᠵᠦᠢᠯ ᠤᠨ ᠲᠤᠬᠠᠢ ᠶᠢᠨ ᠲᠠᠯᠠᠪᠠᠶ ᠳᠤ᠂ ᠦ᠋ ᠰᠢᠤᠸᠠᠢ ᠶᠦᠩ ᠲᠥᠷᠥᠯ ᠵᠦᠢᠯ ᠤᠨ ᠨᠥᠬᠦᠵᠦ ᠤᠷᠭᠤᠭᠤᠯᠤᠭᠰᠠᠨ ᠪᠠᠶᠢᠳᠠᠯ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ ᠴᠢᠬᠤᠯᠠᠴᠢᠯᠠᠭᠰᠠᠨ ᠨᠢ᠂ ᠬᠠᠮᠤᠭ ᠡᠴᠦᠰ ᠤᠨ ᠦᠷ᠎ᠡ ᠪᠦᠲᠦᠮᠵᠢ ᠪᠠᠷ ᠲᠤᠰᠤᠯᠲᠠ ᠪᠣᠯᠭᠠᠵᠤ᠂ ᠲᠤᠰᠬᠠᠢ ᠮᠡᠷᠭᠡᠵᠢᠯ ᠤᠨ ᠬᠦᠴᠦᠨ ᠤ ᠳᠠᠪᠠᠭᠤᠯᠢᠭ ᠢᠶᠠᠨ ᠪᠠᠳᠠᠷᠠᠭᠤᠯᠤᠨ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠬᠠᠨᠳᠤᠯᠭᠠᠲᠤ ᠴᠢᠨᠠᠷᠲᠠᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠭᠲᠠᠭᠠᠨ ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶ᠎ᠠ ᠪᠠᠷ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠨᠡᠨ ᠬᠦ ᠰᠠᠶᠢᠲᠤᠷ ᠠᠳᠬᠤᠵᠤ᠂ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃          ᠦ᠋ ᠰᠢᠤᠸᠠᠢ ᠶᠦᠩ ᠪᠠᠰᠠ ᠰᠢᠨᠡᠪᠤᠯᠠᠭ ᠰᠤᠮᠤᠨ ᠤ ᠭᠤᠣᠯᠳᠠᠯᠭ᠎ᠠ ᠲᠠᠢ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠪᠣᠳᠠᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ