5 ᠰᠠᠷ᠎ᠠ ᠶᠢᠨ 28 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠬᠥᠬᠢᠭᠦᠯᠦᠨ | ᠰᠠᠶᠢᠰᠢᠶᠠᠬᠤ ᠶᠡᠭᠡ ᠬᠤᠷᠠᠯ ᠬᠤᠷᠠᠯᠳᠤᠪᠠ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠬᠤᠷᠠᠯ ᠡᠷᠭᠢᠯᠡᠪᠡ᠃ ᠠᠮᠤᠷᠪᠠᠲᠤ᠂ ᠪᠠᠢ ᠵᠧᠨ ᠰᠢᠶᠠᠨ ᠨᠠᠷ ᠬᠤᠷᠠᠯ ᠳᠤ ᠣᠷᠣᠯᠴᠠᠪᠠ᠃ | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠭᠦᠸᠧ ᠬᠠᠨ ᠶᠤᠸᠠᠢ ᠬᠥᠬᠢᠭᠦᠯᠦᠨ | ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠪᠡ᠃ | ᠸᠠᠩ ᠨᠠᠢ ᠪᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠵᠦ ᠬᠥᠬᠢᠭᠦᠯᠦᠭᠳᠡᠨ ᠰᠠᠶᠢᠰᠢᠶᠠᠭᠳᠠᠭᠰᠠᠨ ᠬᠥᠳᠡᠯᠮᠦᠷᠢ ᠶᠢᠨ | ᠵᠢᠱᠢᠶᠡᠴᠢ ᠪᠣᠯᠣᠨ ᠲᠡᠷᠢᠭᠦᠨ ᠤ ᠠᠵᠢᠯᠲᠠᠳ ᠲᠤ ᠪᠠᠶᠠᠷ ᠬᠦᠷᠭᠡᠪᠡ᠃ ᠸᠠᠩ ᠨᠠᠢ ᠪᠢᠨ ᠢᠯᠡᠷᠬᠡᠶᠢᠯᠡᠬᠦ ᠳᠡᠭᠡᠨ᠂ ᠣᠶᠢᠷ᠎ᠠ ᠶᠢᠨ ᠵᠢᠯ ᠳᠤ᠂ ᠪᠥᠬᠦ ᠬᠤᠰᠢᠭᠤᠨ ᠤ | ᠥᠷᠭᠡᠨ ᠣᠯᠠᠨ ᠠᠵᠤ ᠦᠢᠯᠡᠰ ᠤᠨ ᠠᠵᠢᠯᠴᠢᠨ ᠪᠣᠯᠣᠨ ᠬᠥᠳᠡᠯᠮᠦᠷᠢᠴᠢᠨ ᠲᠦᠮᠡᠨ ᠬᠤᠶᠠᠷ ᠶᠡᠭᠡ ᠶᠠᠪᠤᠳᠠᠯ ᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ | ᠬᠡᠷᠡᠭᠵᠢᠭᠦᠯᠬᠦ᠂ ︽ᠵᠢᠷᠭᠤᠭᠠᠨ ᠠᠵᠢᠯᠯᠠᠭᠠᠨ︾ ᠢ ᠥᠷᠨᠢᠭᠦᠯᠬᠦ ᠦᠢᠯᠡᠳᠦᠯᠭᠡ ᠶᠢᠨ ᠳᠤᠮᠳᠠ ᠭᠤᠣᠯ ᠪᠣᠯᠬᠤ ᠬᠦᠨᠳᠦ ᠡᠭᠦᠷᠭᠡ ᠶᠢ ᠮᠥᠷᠡᠨ ᠳᠡᠭᠡᠨ ᠳᠠᠭᠠᠭᠠᠨ ᠠᠪᠴᠤ᠂ | ᠠᠷᠢᠭᠤᠨ ᠴᠠᠭᠠᠨ ᠬᠦᠳᠡᠯᠮᠦᠷᠢ ᠪᠠᠷ ᠢᠶᠠᠨ ᠠᠮᠢᠳᠤᠷᠠᠯ ᠦᠢᠯᠡᠰ ᠢᠶᠠᠨ ᠭᠢᠯᠠᠷᠠᠭᠤᠯᠵᠤ ᠶᠠᠪᠤᠵᠠᠢ᠃ | ᠸᠠᠩ ᠨᠠᠢ ᠪᠢᠨ ᠵᠢᠭᠠᠵᠤ ᠭᠠᠷᠭᠠᠭᠰᠠᠨ ᠨᠢ᠂ ᠣᠳᠣᠬᠠᠨ ᠳᠤ᠂ ᠪᠦᠬᠦ ᠬᠤᠰᠢᠭᠤᠨ ᠤ ᠳᠡᠭᠡᠳᠦ ᠳᠣᠣᠷᠠᠳᠤ ᠱᠠᠲᠤ ᠪᠠᠷ ᠢᠶᠠᠨ ᠶᠠᠭ ᠨᠢᠭᠡ ᠭᠤᠣᠯ | ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠲᠠᠰᠤᠷᠠᠯᠳᠡ ᠦᠭᠡᠢ ᠭᠦᠨᠵᠡᠭᠡᠶᠢᠷᠡᠭᠦᠯᠵᠦ᠂ | ︽ᠵᠢᠷᠭᠤᠭᠠᠨ ᠠᠵᠢᠯᠯᠠᠭᠠᠨ︾ ᠢ ᠪᠣᠳᠠᠲᠠᠢ ᠠᠳᠬᠤᠵᠤ᠂ ᠲᠠᠪᠤᠨ ᠲᠦᠷᠦᠯ ᠤᠨ ᠥᠭᠡᠷᠡᠴᠢᠯᠡᠯᠲᠡ ᠶᠢᠨ ᠰᠡᠳᠦᠪ ᠤᠨ ᠦᠷ᠎ᠡ ᠪᠦᠲᠦᠭᠡᠯ ᠢ ᠪᠦᠬᠦ ᠲᠠᠯ᠎ᠠ ᠪᠠᠷ | ᠬᠤᠪᠢᠷᠠᠭᠤᠯᠵᠤ ᠪᠠᠶᠢᠨ᠎ᠠ᠃ ᠪᠥᠬᠦ ᠬᠤᠰᠢᠭᠤᠨ ᠤ ᠥᠷᠭᠡᠨ ᠣᠯᠠᠨ ᠠᠵᠤ ᠦᠢᠯᠡᠰ ᠤᠨ ᠠᠵᠢᠯᠴᠢᠨ ᠪᠠ ᠬᠥᠳᠡᠯᠮᠦᠷᠢᠴᠢᠨ ᠲᠦᠮᠡᠨ ᠢᠲᠡᠭᠡᠯ ᠵᠣᠷᠢᠭ ᠢᠶᠠᠨ | ᠪᠠᠲᠤᠳᠬᠠᠵᠤ᠂ ᠨᠠᠮ ᠤᠨ ᠦᠭᠡ ᠶᠢ ᠭᠤᠶᠢᠪᠢᠰᠢ ᠦᠭᠡᠢ ᠰᠣᠨᠣᠰᠴᠤ ᠨᠠᠮ ᠢᠶᠠᠨ ᠳᠠᠭᠠᠬᠤ ᠬᠡᠷᠡᠭᠲᠡᠢ᠃ ᠠᠵᠢᠯ ᠤᠨ ᠪᠠᠶᠢᠷᠢ ᠪᠠᠨ ᠬᠠᠶᠢᠷᠠᠯᠠᠨ ᠠᠵᠢᠯ ᠦᠢᠯᠡᠰ ᠢᠶᠠᠨ | ᠳᠡᠭᠡᠳᠦᠯᠡᠵᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠠᠮᠵᠢᠯᠲᠠ ᠪᠦᠲᠦᠮᠵᠢ ᠶᠢ ᠲᠠᠰᠤᠷᠠᠯᠲᠠ ᠦᠭᠡᠢ ᠡᠭᠦᠳᠬᠦ | ᠬᠡᠷᠡᠭᠲᠡᠢ᠃ ᠥᠪᠡᠷ ᠢ ᠪᠠᠨ ᠳᠠᠪᠲᠠᠨ ᠪᠣᠯᠪᠠᠰᠤᠷᠠᠭᠤᠯᠵᠤ᠂ ᠴᠢᠳᠠᠪᠤᠷᠢ ᠪᠠᠨ ᠳᠡᠭᠡᠭᠰᠢᠯᠡᠭᠦᠯᠵᠦ᠂ ᠡᠯ᠎ᠡ ᠬᠦᠷᠢᠶ᠎ᠡ ᠴᠠᠷᠠᠭᠠᠨ ᠤ ᠪᠠᠨ ᠮᠡᠷᠭᠡᠵᠢᠯᠲᠡᠨ ᠪᠣᠯᠬᠤ ᠪᠠᠷ | ᠴᠢᠷᠮᠠᠶᠢᠬᠤ ᠬᠡᠷᠡᠭᠲᠡᠢ᠃ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ | ᠪᠠᠳᠠᠷᠠᠭᠤᠯᠵᠤ᠂ ᠪᠥᠬᠦ ᠬᠤᠰᠢᠭᠤᠨ ᠤ ᠡᠯ᠎ᠡ ᠦᠨᠳᠦᠰᠦᠲᠡᠨ ᠤ ᠠᠵᠢᠯᠲᠠᠨ ᠠᠵᠢᠯᠴᠢᠨ ᠢ ᠳᠠᠶᠢᠴᠢᠯᠠᠨ ᠵᠣᠷᠢᠭᠵᠢᠭᠤᠯᠵᠤ ᠴᠠᠭ ᠦᠶ᠎ᠡ ᠳᠤ ᠥᠯᠥ ᠣᠰᠣᠯᠳᠠᠬᠤ ᠴᠣ | ᠰᠢᠨ᠎ᠡ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ᠃ ᠡᠯ᠎ᠡ ᠱᠠᠲᠤ ᠡᠯ᠎ᠡ ᠭᠠᠵᠠᠷ ᠣᠷᠣᠨ ᠤ ᠡᠯ᠎ᠡ ᠰᠠᠯᠠᠭ᠎ᠠ ᠮᠥᠴᠢᠷ ᠠᠵᠤ ᠦᠢᠯᠡᠰ ᠤᠨ ᠠᠵᠢᠯᠴᠢᠨ ᠪᠣᠯᠣᠨ | ᠬᠥᠳᠡᠯᠮᠦᠷᠢᠴᠢᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠵᠤ᠂ ᠬᠥᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ | ᠤᠬᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠵᠠᠭᠤᠨ ᠵᠢᠯ ᠤᠨ ᠥᠩᠭᠡ | ᠭᠡᠷᠡᠯ ᠢ ᠦᠷᠭᠦᠯᠵᠢᠯᠡᠭᠦᠯᠵᠦ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠪᠣᠳᠠᠲᠠᠢ ᠶᠠᠪᠤᠳᠠᠯ ᠢ ᠰᠠᠶᠢᠲᠤᠷ ᠬᠢᠬᠦ ᠪᠠᠷ ᠲᠥᠯᠥᠪᠵᠢᠭᠦᠯᠵᠦ᠂ | ᠠᠵᠢᠯᠲᠠᠨ ᠠᠵᠢᠯᠴᠢᠨ ᠲᠠᠢ ᠨᠡᠩ ᠰᠠᠶᠢᠲᠤᠷ ᠬᠠᠷᠢᠯᠴᠠᠵᠤ᠂ ᠠᠵᠢᠯᠲᠠᠨ ᠠᠵᠢᠯᠴᠢᠨ ᠳᠤ ᠨᠡᠩ ᠰᠠᠶᠢᠲᠤᠷ ᠦᠢᠯᠡᠴᠢᠯᠡᠵᠦ᠂ ᠠᠵᠢᠯᠲᠠᠨ ᠠᠵᠢᠯᠴᠢᠨ ᠢ ᠬᠥᠲᠥᠯᠥᠨ | ᠳᠠᠭᠠᠭᠤᠯᠵᠤ᠂ ᠠᠵᠢᠯᠲᠠᠨ ᠠᠵᠢᠯᠴᠢᠨ ᠢ ᠪᠦᠯᠬᠦᠮᠳᠡᠭᠦᠯᠦᠨ ᠨᠢᠭᠲᠠᠷᠠᠭᠤᠯᠬᠤ ᠬᠡᠷᠡᠭᠲᠡᠢ᠃ ᠬᠤᠷᠠᠯ ᠳᠡᠭᠡᠷ᠎ᠡ ᠬᠤᠰᠢᠭᠤᠨ ᠤ ᠤᠳᠤᠷᠢᠳᠤᠯᠭ᠎ᠠ ᠠᠴᠠ ᠬᠥᠳᠡᠯᠮᠦᠷᠢ ᠶᠢᠨ | ᠵᠢᠱᠢᠶᠡᠴᠢ ᠪᠠ ᠲᠡᠷᠢᠭᠦᠨ ᠤ ᠠᠵᠢᠯᠲᠠᠨ ᠤ ᠲᠥᠯᠥᠭᠡᠯᠡᠭᠴᠢᠳ ᠲᠤ ᠢᠷᠠᠭᠤ ᠠᠯᠳᠠᠷ ᠤᠨ ᠦᠨᠡᠮᠯᠡᠯ ᠣᠯᠭᠤᠪᠠ᠃ ᠬᠤᠰᠢᠭᠤᠨ ᠤ ᠬᠥᠳᠡᠯᠮᠦᠷᠢ ᠶᠢᠨ ᠵᠢᠱᠢᠶᠡᠴᠢ ᠪᠠ | ᠲᠡᠷᠢᠭᠦᠨ ᠤ ᠠᠵᠢᠯᠲᠠᠨ ᠤ ᠲᠥᠯᠥᠭᠡᠯᠡᠭᠴᠢ ᠰᠦᠨ ᠯᠢᠶᠠᠨ ᠸᠧᠢ ᠰᠠᠨᠠᠭᠠᠴᠢᠯᠠᠭ᠎ᠠ ᠶᠢᠨ ᠪᠢᠴᠢᠭ ᠢ ᠤᠩᠰᠢᠪᠠ᠃ |