ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠬᠢᠨᠠᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠬᠢᠨᠠᠨ ᠪᠠᠶᠢᠴᠠᠭᠠᠬᠤ ᠳᠠᠶᠢᠴᠢᠯᠠᠯᠲᠠ ᠶᠢᠨ ᠬᠤᠷᠠᠯ ᠭᠦᠭᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2025/5/29
          ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠥᠪᠰᠢᠶᠡᠷᠡᠯ ᠢᠶᠠᠷ᠂ ᠬᠤᠷᠢᠳᠤᠭᠠᠷ ᠬᠤᠭᠤᠴᠠᠭᠠᠨ ᠤ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠬᠢᠨᠠᠨ ᠪᠠᠶᠢᠴᠠᠭᠠᠬᠤ ᠳᠤᠭᠤᠶᠢᠯᠠᠩ ᠣᠶᠢᠷ᠎ᠠ ᠶᠢᠨ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠵᠤ ᠰᠠᠭᠤᠵᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠥᠷᠨᠢᠭᠦᠯᠦᠨ᠎ᠡ᠃ 5 ᠰᠠᠷ᠎ᠠ ᠶᠢᠨ 28 ᠤ ᠡᠳᠦᠷ᠂ ᠬᠢᠨᠠᠨ ᠪᠠᠶᠢᠴᠠᠭᠠᠬᠤ ᠪᠠᠷ ᠣᠷᠣᠵᠤ ᠰᠠᠭᠤᠬᠤ ᠳᠠᠶᠢᠴᠢᠯᠠᠯᠲᠠ ᠶᠢᠨ ᠬᠤᠷᠠᠯ ᠭᠦᠭᠡᠬᠤᠲᠠ ᠳᠤ ᠬᠤᠷᠠᠯᠳᠤᠵᠤ᠂ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠣᠣ ᠽᠧᠩ ᠺᠧ᠂ ᠳᠤᠭᠤᠶᠢᠯᠠᠩ ᠤᠨ ᠳᠡᠳ᠋ ᠳᠠᠷᠤᠭ᠎ᠠ ᠵᠠᠢ ᠴᠢᠩ ᠲᠣᠰ ᠲᠣᠰ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠲᠤᠬᠠᠢ ᠶᠠᠷᠢᠶ᠎ᠠ ᠲᠠᠯᠪᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠣᠷᠣᠵᠤ ᠰᠠᠭᠤᠬᠤ ᠳᠠᠶᠢᠴᠢᠯᠠᠯᠲᠠ ᠬᠢᠪᠡ᠃
20250529-1-1.jpg
          5 ᠰᠠᠷ᠎ᠠ ᠶᠢᠨ 28 ᠤ ᠡᠳᠦᠷ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠬᠢᠨᠠᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠬᠢᠨᠠᠨ ᠪᠠᠶᠢᠴᠠᠭᠠᠬᠤ ᠳᠠᠶᠢᠴᠢᠯᠠᠯᠲᠠ ᠶᠢᠨ ᠬᠤᠷᠠᠯ ᠭᠦᠭᠡᠬᠤᠲᠠ ᠳᠤ ᠬᠤᠷᠠᠯᠳᠤᠪᠠ᠃          ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ                   ᠶᠣᠣ ᠽᠧᠩ ᠺᠧ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠠ ︽ᠲᠦᠷᠪᠡᠨ ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠶᠢᠨ ᠴᠢᠬᠤᠯᠠ ᠠᠭᠤᠯᠭ᠎ᠠ ᠪᠤᠯᠭᠠᠵᠤ᠂ ᠮᠠᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠳᠤ ᠲᠡᠦᠬᠡᠲᠦ ᠴᠢᠨᠠᠷᠲᠠᠢ᠂ ᠡᠷᠭᠢᠯᠲᠡ ᠶᠢᠨ ᠴᠢᠨᠠᠷᠲᠠᠢ᠂ ᠪᠦᠭᠦ ᠲᠠᠯ᠎ᠠ ᠶᠢᠨ ᠴᠢᠨᠠᠷᠲᠠᠢ ᠬᠤᠪᠢᠷᠠᠯᠲᠠ ᠭᠠᠷᠬᠤ ᠶᠢ ᠠᠬᠢᠭᠤᠯᠪᠠ᠃ 2024 ᠣᠨ ᠤ 7 ᠰᠠᠷ᠎ᠠ ᠳᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠪᠡᠭᠡᠵᠢᠩ ᠳᠤ ᠬᠤᠷᠠᠯᠳᠤᠪᠠ᠂ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠪᠣᠯ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠡᠷᠦᠩᠬᠡᠢ ᠳᠠᠶᠢᠴᠢᠯᠠᠯᠲᠠ᠂ ᠶᠡᠷᠦᠩᠬᠡᠢ ᠪᠠᠶᠢᠷᠢᠯᠠᠭᠤᠯᠤᠯᠲᠠ ᠮᠥᠨ᠃ ᠪᠦᠭᠦᠳᠡ ᠬᠤᠷᠠᠯ ᠠᠴᠠ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠣᠭᠲᠠᠭᠠᠯ︾ ᠢ ᠬᠢᠨᠠᠨ ᠵᠥᠪᠯᠡᠵᠦ ᠪᠠᠲᠤᠯᠠᠨ᠂ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠠᠷᠪᠢᠯᠠᠨ ᠭᠠᠮᠨᠠᠵᠤ ᠡᠷᠴᠢᠮᠵᠢᠭᠦᠯᠦᠨ ᠬᠡᠷᠡᠭᠯᠡᠬᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠵᠤ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠬᠠᠮᠲᠤ ᠣᠷᠣᠰᠢᠬᠤ ᠶᠢ ᠠᠬᠢᠭᠤᠯᠬᠤ ᠬᠡᠷᠡᠭᠲᠡᠢ︾ ᠭᠡᠵᠦ ᠳᠤᠷᠠᠳᠤᠭᠰᠠᠨ ᠪᠥᠭᠡᠳ ᠲᠤᠰᠬᠠᠢ ᠪᠦᠯᠦᠭ ᠢᠶᠠᠷ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠴᠢᠬᠤᠯᠠ ᠶᠡᠭᠡ ᠪᠠᠶᠢᠷᠢᠯᠠᠭᠤᠯᠤᠯᠲᠠ ᠬᠢᠵᠦ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠠᠴᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠠ ᠪᠠᠶᠢᠯᠳᠤᠬᠤ ᠪᠣᠳᠣᠯᠭ᠎ᠠ ᠶᠢᠨ ᠤᠬᠠᠭᠠᠯᠠᠯ ᠲᠥᠯᠥᠪᠯᠡᠭᠡ ᠶᠢ ᠭᠦᠢᠴᠡᠳ ᠢᠯᠡᠷᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠳᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ ᠭᠠᠷᠭᠠᠪᠠ᠃          ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠ ᠴᠢᠨᠠᠷ ᠰᠠᠶᠢᠲᠠᠢ ᠬᠥᠭᠵᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠲᠠᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠪᠠᠶᠢᠵᠤ᠂ ᠤᠯᠤᠰ ᠤᠨ ᠬᠥᠭᠵᠢᠯᠲᠡ ᠶᠢᠨ ᠪᠦᠭᠦ ᠲᠠᠯ᠎ᠠ ᠳᠤ ᠬᠤᠯᠪᠣᠭᠳᠠᠨ᠎ᠠ᠃ ᠶᠡᠷᠦᠩᠬᠡᠢ ᠱᠦᠵᠢ ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠷᠢᠳ ᠬᠤᠵᠢᠳ ᠾᠧᠨᠠᠨ᠂ ᠱᠠᠨᠳᠦ᠋ᠩ᠂ ᠭᠠᠨᠰᠤ ᠳᠤ 3 ᠤᠳᠠᠭ᠎ᠠ ᠲᠤᠰᠬᠠᠢ ᠰᠡᠳᠦᠪᠲᠦ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠰᠠᠪᠠ ᠭᠠᠵᠠᠷ ᠲᠤ ᠪᠠᠶᠢᠭ᠎ᠠ ᠮᠤᠵᠢ ᠣᠷᠣᠨ ᠳᠤ ᠤᠯᠠᠨ ᠤᠳᠠᠭ᠎ᠠ ᠬᠦᠷᠴᠦ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠳᠤ ᠲᠣᠳᠣᠷᠬᠠᠢ ᠱᠠᠭᠠᠷᠳᠠᠯᠭ᠎ᠠ ᠳᠤᠷᠠᠳᠪᠠ᠃ ᠣᠨᠴᠠᠭᠠᠶᠢᠯᠠᠨ 2024 ᠣᠨ ᠤ 9 ᠰᠠᠷ᠎ᠠ ᠶᠢᠨ 12 ᠤᠨ ᠡᠳᠦᠷ᠂ ᠶᠡᠷᠦᠩᠬᠡᠢ ᠱᠦᠵᠢ ᠰᠢ ᠶᠢᠨ ᠫᠢᠩ ᠭᠠᠨᠰᠤ ᠶᠢᠨ ᠯᠠᠨᠵᠧᠦ ᠳᠤ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ᠂ ᠬᠠᠮᠠᠭᠠᠯᠠᠬᠤ ᠨᠢ ᠵᠠᠩᠭᠢᠯᠠᠭ᠎ᠠ᠂ ᠵᠠᠰᠠᠬᠤ ᠨᠢ ᠴᠢᠬᠤᠯᠠ ᠭᠡᠬᠦ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠠᠳᠬᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠤᠯᠭᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠤᠰᠤᠨ ᠤ ᠬᠡᠮᠵᠢᠶ᠎ᠡ ᠪᠠᠷ ᠪᠣᠳᠠᠲᠠᠢ ᠠᠵᠢᠯᠯᠠᠬᠤ᠂ ᠤᠰᠤ ᠠᠷᠪᠢᠯᠠᠬᠤ ᠶᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠠᠷᠭ᠎ᠠ ᠰᠦᠪᠡᠭᠴᠢᠯᠡᠬᠦ ᠵᠣᠬᠢᠴᠠᠭᠤᠯᠤᠨ ᠠᠬᠢᠭᠤᠯᠬᠤ ᠶᠢ ᠪᠠᠷᠢᠮᠲᠠᠯᠠᠵᠤ᠂ ᠪᠦᠭᠦ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠰᠢᠨ᠎ᠡ ᠳᠡᠭᠲᠡᠷ ᠲᠤ ᠭᠠᠷᠬᠤ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠠᠵᠢᠯ ᠰᠢᠨ᠎ᠡ ᠠᠬᠢᠴᠠ ᠲᠠᠢ ᠪᠤᠯᠬᠤ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠰᠢᠨ᠎ᠡ ᠦᠷ᠎ᠡ ᠪᠦᠲᠦᠮᠵᠢ ᠲᠠᠢ ᠪᠤᠯᠬᠤ᠂ ᠠᠷᠠᠳ ᠣᠯᠠᠨ ᠤ ᠠᠮᠢᠳᠤᠷᠠᠯ ᠰᠢᠨ᠎ᠡ ᠰᠠᠶᠢᠵᠢᠷᠠᠯᠲᠠ ᠲᠠᠢ ᠪᠤᠯᠬᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠪᠤᠶ ᠪᠤᠯᠭᠠᠬᠤ ᠬᠡᠷᠡᠭᠲᠡᠢ᠃          ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠪᠣᠯ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠲᠥᠯᠥᠪᠵᠢᠭᠦᠯᠵᠦ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠠᠬᠢᠭᠤᠯᠤᠭᠰᠠᠨ ᠴᠢᠬᠤᠯᠠ ᠶᠡᠭᠡ ᠪᠠᠶᠢᠭᠤᠯᠤᠯ ᠤᠨ ᠰᠢᠨ᠎ᠡ ᠶᠢ ᠡᠭᠦᠳᠬᠦ ᠪᠠ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠮᠥᠨ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠦᠨᠡᠨᠬᠦ ᠲᠤᠰᠠᠲᠠᠢ ᠪᠣᠳᠠᠲᠠᠢ ᠠᠷᠭ᠎ᠠ ᠪᠠ ᠳᠦᠷᠢᠮ ᠤᠨ ᠪᠠᠲᠤᠯᠠᠭ᠎ᠠ ᠮᠥᠨ᠃ ᠶᠡᠷᠦᠩᠬᠡᠢ ᠱᠦᠵᠢ ᠰᠢ ᠶᠢᠨ ᠫᠢᠩ ᠬᠢᠨᠠᠨ ᠪᠠᠶᠢᠴᠠᠭᠠᠬᠤ ᠵᠠᠩᠭᠢᠯᠠᠭ᠎ᠠ ᠶᠢᠨ ᠭᠤᠭᠴᠤᠭ᠎ᠠ ᠪᠦᠷᠢ᠂ ᠵᠠᠩᠭᠢᠯᠠᠭ᠎ᠠ ᠶᠢᠨ ᠴᠠᠭ ᠮᠥᠴᠡ ᠪᠦᠷᠢ ᠳᠤ᠂ ᠵᠠᠯᠠᠭᠤᠷ ᠢ ᠡᠵᠡᠮᠳᠡᠨ ᠴᠢᠭᠯᠡᠯ ᠢ ᠲᠣᠭᠲᠠᠭᠠᠵᠤ᠂ ᠳᠠᠭᠠᠭᠤᠯᠤᠨ ᠤᠷᠤᠭᠰᠢᠯᠠᠵᠤ᠂ ᠠᠯᠢ ᠣᠯᠠᠨ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠬᠢᠨᠠᠨ ᠪᠠᠶᠢᠴᠠᠭᠠᠬᠤ ᠠᠵᠢᠯ ᠤᠨ ᠣᠯᠣᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃ 2025 ᠣᠨ ᠤ 3 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ︽ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠬᠤ ᠠᠵᠢᠯ ᠤᠨ ᠳᠦᠷᠢᠮ︾ ᠢ ᠬᠢᠨᠠᠨ ᠵᠥᠪᠯᠡᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠬᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠬᠢᠨᠠᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠤᠯᠤᠰ ᠲᠥᠷᠦ ᠶᠢᠨ ᠬᠠᠷᠢᠭᠤᠴᠠᠯᠭ᠎ᠠ ᠶᠢ ᠤᠯᠠᠮ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢᠨ ᠳᠦᠷᠢᠮ ᠡᠨᠡ ᠬᠦ ︽ᠵᠠᠩᠭᠢᠯᠠᠭ᠎ᠠ︾ ᠶᠢ ᠪᠠᠲᠤ ᠡᠵᠡᠮᠳᠡᠵᠦ᠂ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠴᠢᠩᠭ᠎ᠠ ᠪᠠᠶᠢᠬᠤ ᠦᠨᠳᠦᠰᠦᠨ ᠭᠦᠭ ᠠᠶᠠᠰ ᠢ ᠪᠠᠷᠢᠮᠲᠠᠯᠠᠵᠤ᠂ ᠵᠣᠷᠢᠭᠲᠠᠢ ᠪᠠᠷ ᠬᠠᠲᠠᠭᠤ ᠲᠠᠢ ᠨᠢ ᠬᠠᠯᠳᠠᠵᠤ᠂ ᠦᠷᠭᠦᠯᠵᠢᠯᠡᠨ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠵᠦ᠂ ᠨᠠᠮ ᠤᠨ ᠲᠥᠪ ᠬᠤᠷᠢᠶ᠎ᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ ᠶᠡᠷᠦᠩᠬᠡᠢ ᠰᠠᠶᠢᠳ ᠯᠢ ᠴᠢᠶᠠᠩ᠂ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠴᠤ ᠬᠢᠨᠠᠨ ᠪᠠᠶᠢᠴᠠᠭᠠᠬᠤ ᠠᠵᠢᠯ ᠳᠤ ᠣᠯᠠᠨ ᠤᠳᠠᠭ᠎ᠠ ᠲᠣᠳᠣᠷᠬᠠᠢ ᠱᠠᠭᠠᠷᠳᠠᠯᠭ᠎ᠠ ᠳᠤᠷᠠᠳᠪᠠ᠃ ᠤᠯᠤᠰ ᠲᠥᠷᠥ ᠶᠢᠨ ᠵᠣᠭᠰᠣᠴᠠ ᠪᠠᠨ ᠤᠯᠠᠮ ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠭᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠰᠠᠪᠠ ᠭᠠᠵᠠᠷ ᠤᠨ ᠬᠢᠨᠠᠨ ᠪᠠᠶᠢᠴᠠᠭᠠᠯᠲᠠ ᠪᠣᠯᠣᠨ ᠮᠤᠵᠢ ᠶᠢᠨ ᠬᠡᠪᠴᠢᠶᠡᠨ ᠤ ᠬᠢᠨᠠᠨ ᠪᠠᠶᠢᠴᠠᠭᠠᠯᠲᠠ ᠶᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠵᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠬᠢᠴᠠ ᠲᠠᠢ ᠪᠤᠯᠬᠤ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢᠯᠡᠳᠲᠡ ᠰᠠᠶᠢᠵᠢᠷᠠᠬᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃          ᠶᠣᠣ ᠽᠧᠩ ᠺᠧ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢ ᠰᠠᠶᠢᠲᠤᠷ ᠬᠢᠬᠦ ᠳᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠠᠨ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠪᠠ ᠴᠢᠩᠭ᠎ᠠ ᠪᠠᠶᠢᠬᠤ ᠦᠨᠳᠦᠰᠦᠨ ᠭᠦᠭ ᠠᠶᠠᠰ ᠢ ᠪᠠᠷᠢᠮᠲᠠᠯᠠᠵᠤ᠂ ᠤᠨᠢᠨ ᠳᠡᠭᠡᠷ᠎ᠡ ᠨᠢ ᠰᠢᠨᠵᠢᠯᠡᠬᠦ ᠤᠬᠠᠭᠠᠨᠴᠢ ᠬᠠᠤᠯᠢ ᠶᠣᠰᠣᠭᠠᠷ ᠠᠵᠢᠯᠯᠠᠬᠤ ᠶᠢ ᠪᠠᠷᠢᠮᠲᠠᠯᠠᠵᠤ᠂ ᠠᠵᠤ ᠠᠬᠤᠢ ᠶᠢᠨ ᠬᠥᠭᠵᠢᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠬᠢᠨᠠᠨ ᠪᠠᠶᠢᠴᠠᠭᠠᠬᠤ ᠳᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠦᠷᠦ ᠶᠢᠨ ᠪᠣᠳᠣᠯᠭ᠎ᠠ ᠶᠢ ᠵᠣᠯᠭᠠᠭᠤᠯᠬᠤ᠂ ᠣᠷᠣᠨ ᠪᠦᠰᠡ ᠶᠢ ᠵᠣᠬᠢᠴᠠᠭᠤᠯᠬᠤ᠂ ᠲᠣᠭᠲᠠᠴᠠ ᠶᠢᠨ ᠪᠠᠶᠢᠭᠤᠯᠤᠯᠲᠠ ᠵᠡᠷᠭᠡ ᠰᠠᠪᠠ ᠭᠠᠵᠠᠷ ᠤᠨ ᠴᠢᠨᠠᠷᠲᠠᠢ᠂ ᠪᠦᠬᠦᠯᠢ ᠴᠣᠭᠴᠠᠲᠤ ᠴᠢᠨᠠᠷᠲᠠᠢ᠂ ᠨᠡᠶᠢᠲᠡᠯᠢᠭ ᠴᠢᠨᠠᠷᠲᠠᠢ ᠠᠰᠠᠭᠤᠳᠠᠯ ᠢ ᠠᠩᠬᠠᠷᠬᠤ ᠪᠠᠷ ᠪᠠᠷᠠᠬᠤ ᠦᠭᠡᠢ ᠪᠠᠰᠠ ᠡᠯ᠎ᠡ ᠮᠤᠵᠢ ︵ᠣᠷᠣᠨ︶ ᠶᠢᠨ ᠠᠵᠤ ᠠᠬᠤᠢ ᠨᠡᠶᠢᠭᠡᠮ ᠤᠨ ᠬᠥᠭᠵᠢᠯᠲᠡ᠂ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ᠂ ᠠᠮᠢ ᠠᠬᠤᠢ ᠶᠢᠨ ᠠᠮᠤᠷ ᠲᠦᠪᠰᠢᠨ ᠤ ᠪᠠᠶᠢᠷᠢ ᠲᠣᠭᠲᠠᠭᠠᠯᠲᠠ ᠲᠠᠢ ᠤᠶᠠᠯᠳᠤᠭᠤᠯᠬᠤ ᠶᠢ ᠴᠢᠬᠤᠯᠠᠴᠢᠯᠠᠵᠤ᠂ ᠡᠯ᠎ᠡ ᠮᠤᠵᠢ ︵ᠣᠷᠣᠨ︶ ᠶᠢᠨ ᠲᠣᠪᠣᠶᠢᠮ᠎ᠠ ᠠᠰᠠᠭᠤᠳᠠᠯ ᠢ ᠣᠨᠣᠪᠴᠢᠲᠠᠢ ᠡᠷᠢᠬᠦ ᠬᠡᠷᠡᠭᠲᠡᠢ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ︔ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠬᠠᠲᠤᠨ ᠭᠤᠣᠯ ᠢ ᠬᠠᠮᠠᠭᠠᠯᠠᠬᠤ ᠬᠠᠤᠯᠢ ᠵᠡᠷᠭᠡ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ︔ ︽ᠤᠰᠤ ᠪᠠᠷ ᠳᠥᠷᠪᠡ ᠶᠢ ᠲᠣᠭᠲᠠᠭᠠᠬᠤ︾ ᠴᠢᠬᠤᠯᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ᠂ ᠣᠨᠴᠠᠭᠠᠶᠢᠯᠠᠨ ᠤᠰᠤᠨ ᠤ ᠡᠬᠢ ᠪᠠᠶᠠᠯᠢᠭ ᠢ ᠬᠠᠮᠤᠭ ᠤᠨ ᠴᠢᠩᠭ᠎ᠠ ᠬᠢᠵᠠᠭᠠᠷᠯᠠᠯ ᠪᠤᠯᠭᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ︔ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠪᠠᠶᠢᠳᠠᠯ ᠤᠨ ᠲᠠᠯ᠎ᠠ ᠪᠠᠷ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠯᠠᠪᠳᠠᠭᠤᠨ ᠠᠬᠢᠭᠤᠯᠵᠤ᠂ ︽ᠬᠤᠶᠠᠷ ᠥᠨᠳᠥᠷ ᠨᠢᠭᠡ ᠳᠣᠣᠷ᠎ᠠ︾ ᠲᠦᠷᠦᠯ ᠵᠦᠢᠯ ᠢ ᠰᠣᠬᠤᠷ ᠪᠠᠯᠠᠢ ᠡᠬᠢᠯᠡᠭᠦᠯᠬᠦ ᠶᠢ ᠡᠷᠡᠰ ᠬᠤᠷᠢᠭᠯᠠᠭᠰᠠᠨ ᠪᠠᠶᠢᠳᠠᠯ︔ ᠠᠭᠤᠯᠠ ᠤᠰᠤ ᠤᠢ ᠮᠣᠳᠣ ᠲᠠᠷᠢᠶᠠᠨ ᠭᠠᠵᠠᠷ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠵᠤ᠂ ᠬᠠᠤᠯᠢ ᠲᠣᠭᠲᠠᠭᠠᠯ ᠠᠴᠠ ᠵᠥᠷᠢᠴᠡᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠡᠵᠡᠯᠡᠭᠰᠡᠨ᠂ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠰᠢᠪᠲᠤᠯᠤᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠤᠭᠰᠠᠨ᠂ ᠭᠤᠣᠯ ᠤᠨ ᠬᠡᠪᠡᠯᠢ ᠶᠢ ᠡᠵᠡᠯᠡᠭᠰᠡᠨ᠂ ᠠᠮᠢ ᠠᠬᠤᠢ ᠶᠢ ᠡᠪᠳᠡᠭᠰᠡᠨ᠂ ᠬᠡᠭᠡᠷ᠎ᠡ ᠶᠢᠨ ᠠᠮᠢᠳᠠᠨ ᠢ ᠬᠠᠮᠠᠭᠠᠯᠠᠭᠰᠠᠨ ᠪᠠᠶᠢᠳᠠᠯ︔ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠬᠢᠴᠠ ᠶᠢᠨ ᠪᠠᠶᠢᠳᠠᠯ︔ ᠣᠷᠴᠢᠨ ᠲᠣᠭᠤᠷᠢᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ᠂ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠰᠡᠷᠭᠡᠶᠢᠯᠡᠨ ᠵᠠᠰᠠᠭᠰᠠᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢᠯᠠᠩᠭᠤᠶ᠎ᠠ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠵᠦ ᠲᠣᠬᠢᠷᠠᠭᠤᠯᠤᠭᠰᠠᠨ ᠪᠠᠶᠢᠳᠠᠯ︔ ᠬᠦᠨᠳᠦ ᠲᠡᠮᠦᠷᠯᠢᠭ ᠤᠨ ᠪᠣᠬᠢᠷᠳᠤᠯ ᠢ ᠵᠠᠰᠠᠬᠤ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠳᠤ ᠬᠤᠯᠪᠣᠭᠳᠠᠭᠰᠠᠨ ᠪᠠᠶᠢᠳᠠᠯ︔ ᠬᠢᠨᠠᠨ ᠪᠠᠶᠢᠴᠠᠭᠠᠬᠤ ᠪᠠ ᠠᠮᠢ ᠠᠬᠤᠢ ᠣᠷᠴᠢᠨ ᠲᠣᠭᠤᠷᠢᠨ ᠤ ᠰᠡᠷᠡᠮᠵᠢᠯᠡᠭᠦᠯᠦᠯ ᠤᠨ ᠹᠢᠯᠢᠮ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ︔ ᠠᠷᠠᠳ ᠤᠯᠠᠨ ᠤ ᠲᠤᠰᠬᠠᠯ ᠲᠣᠪᠣᠶᠢᠮ᠎ᠠ ᠪᠠᠶᠢᠭ᠎ᠠ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ︔ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠳᠤ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ︾᠂ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠶᠢ ᠭᠤᠣᠯᠳᠠᠯᠭ᠎ᠠ ᠲᠠᠢ ᠠᠩᠬᠠᠷᠬᠤ ᠬᠡᠷᠡᠭᠲᠡᠢ ᠭᠡᠵᠦ ᠴᠢᠬᠤᠯᠠᠴᠢᠯᠠᠪᠠ᠃          ᠰᠦᠨ ᠱᠤᠤ ᠴᠧᠩ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠪᠣᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠪᠣᠳᠠᠲᠠᠢ ᠦᠢᠯᠡᠳᠦᠯᠭᠡ ᠮᠥᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠠᠬᠢᠭᠤᠯᠤᠨ ᠨᠠᠶᠢᠳᠠᠪᠤᠷᠢᠵᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ ᠭᠡᠵᠦ ᠢᠯᠡᠳᠬᠡᠪᠡ᠃ ᠰᠦᠨ ᠱᠤᠤ ᠴᠧᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠬᠢᠨᠠᠨ ᠪᠠᠶᠢᠴᠠᠭᠠᠬᠤ ᠳᠤ ᠬᠠᠮᠵᠢᠯᠴᠠᠬᠤ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠬᠢᠨᠠᠨ ᠪᠠᠶᠢᠴᠠᠭᠠᠬᠤ ᠪᠠᠷ ᠣᠷᠣᠵᠤ ᠰᠠᠭᠤᠬᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠪᠠᠶᠢᠳᠠᠯ ᠢᠶᠠᠨ ᠲᠠᠨᠢᠯᠴᠠᠭᠤᠯᠬᠤ᠂ ᠮᠠᠲ᠋ᠧᠷᠢᠶᠠᠯ ᠬᠠᠩᠭᠠᠬᠤ᠂ ᠲᠤᠰᠬᠠᠢ ᠶᠠᠷᠢᠯᠴᠠᠬᠤ᠂ ᠰᠤᠷᠪᠤᠯᠵᠢᠯᠠᠨ ᠠᠰᠠᠭᠤᠨ ᠯᠠᠪᠯᠠᠬᠤ᠂ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠬᠤ᠂ ᠮᠡᠳᠡᠭᠡ ᠵᠠᠩᠭᠢ ᠶᠢ ᠢᠯᠡ ᠪᠤᠯᠭᠠᠬᠤ᠂ ᠵᠣᠬᠢᠴᠠᠭᠤᠯᠤᠨ ᠪᠠᠲᠤᠯᠠᠬᠤ ᠵᠡᠷᠭᠡ ᠡᠯ᠎ᠡ ᠵᠦᠢᠯ ᠤᠨ ᠠᠵᠢᠯ ᠢ ᠡᠷᠡᠰ ᠰᠠᠶᠢᠲᠤᠷ ᠬᠢᠵᠦ᠂ ᠬᠢᠨᠠᠨ ᠪᠠᠶᠢᠴᠠᠭᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠦᠨᠡᠨ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ᠃ ᠬᠢᠨᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠤᠯᠭᠠᠵᠤ᠂ ᠭᠤᠣᠯᠳᠠᠯᠭ᠎ᠠ ᠶᠢ ᠴᠢᠩᠭ᠎ᠠ ᠠᠩᠬᠠᠷᠴᠤ᠂ ᠦᠨᠡᠨ ᠬᠦ ᠠᠳᠬᠤᠨ ᠪᠣᠳᠠᠲᠠᠢ ᠰᠠᠶᠢᠵᠢᠷᠠᠭᠤᠯᠵᠤ᠂ ᠤᠨᠢᠨ ᠳᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ᠂ ᠳᠦᠷᠢᠮ ᠲᠣᠭᠲᠠᠭᠠᠯ ᠲᠣᠭᠲᠠᠭᠠᠵᠤ᠂ ᠡᠯ᠎ᠡ ᠵᠦᠢᠯ ᠤᠨ ᠠᠰᠠᠭᠤᠳᠠᠯ ᠢ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠣᠳᠠᠲᠠᠢ ᠲᠦᠷᠭᠡᠨ ᠠᠬᠢᠭᠤᠯᠬᠤ ᠬᠡᠷᠡᠭᠲᠡᠢ᠃ ᠲᠣᠰ ᠤᠳᠠᠭ᠎ᠠ ᠶᠢᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠪᠠᠷ ᠠᠵᠠ ᠲᠣᠭᠢᠶᠠᠯ ᠪᠤᠯᠭᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢᠨ ᠨᠠᠩ ᠶᠡᠭᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃          ᠬᠤᠷᠠᠯ ᠳᠡᠭᠡᠷ᠎ᠡ᠂ ᠵᠠᠢ ᠴᠢᠩ ᠬᠢᠨᠠᠨ ᠪᠠᠶᠢᠴᠠᠭᠠᠬᠤ ᠳᠤ ᠬᠠᠮᠵᠢᠯᠴᠠᠬᠤ᠂ ᠬᠢᠨᠠᠨ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ᠂ ᠮᠡᠳᠡᠭᠡ ᠵᠠᠩᠭᠢ ᠶᠢ ᠢᠯᠡ ᠪᠤᠯᠭᠠᠬᠤ᠂ ᠣᠨᠢᠨ ᠳᠡᠭᠡᠷ᠎ᠡ ᠨᠢ ᠰᠢᠨᠵᠢᠯᠡᠬᠦ ᠤᠬᠠᠭᠠᠨᠴᠢ ᠬᠠᠤᠯᠢ ᠶᠣᠰᠣᠭᠠᠷ ᠬᠢᠨᠠᠨ ᠪᠠᠶᠢᠴᠠᠭᠠᠬᠤ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠵᠡᠷᠭᠡ ᠠᠵᠢᠯ ᠳᠤ ᠱᠠᠭᠠᠷᠳᠠᠯᠭ᠎ᠠ ᠳᠤᠷᠠᠳᠤᠭᠰᠠᠨ ᠪᠥᠭᠡᠳ ᠬᠢᠨᠠᠨ ᠪᠠᠶᠢᠴᠠᠭᠠᠬᠤ ᠳᠤᠭᠤᠶᠢᠯᠠᠩ ᠤᠨ ᠪᠦᠭᠦ ᠪᠦᠷᠢᠯᠳᠦᠭᠦᠨ ᠤ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ᠂ ᠬᠢᠨᠠᠨ ᠪᠠᠶᠢᠴᠠᠭᠠᠭᠳᠠᠬᠤ ᠣᠷᠣᠨ ᠨᠤᠲᠤᠭ ᠪᠣᠯᠣᠨ ᠨᠡᠶᠢᠭᠡᠮ ᠤᠨ ᠬᠢᠨᠠᠯᠲᠠ ᠶᠢ ᠬᠦᠯᠢᠶᠡᠬᠦ ᠲᠤᠬᠠᠢ ᠣᠪᠣᠷ ᠢᠶᠠᠨ ᠢᠯᠡᠳᠬᠡᠪᠡ᠃ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠳᠤᠭᠤᠶᠢᠯᠠᠩ ᠤᠨ ᠪᠦᠭᠦ ᠪᠦᠷᠢᠯᠳᠦᠭᠦᠨ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠯᠪᠣᠭᠳᠠᠯ ᠪᠦᠬᠦᠢ ᠬᠥᠮᠥᠰ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠵᠠᠢ᠃ ᠡᠯ᠎ᠡ ᠠᠶᠢᠮᠠᠭ ᠬᠤᠳᠠ ᠶᠢᠨ ᠨᠠᠮ ᠵᠠᠰᠠᠭ ᠤᠨ ᠤᠳᠤᠷᠢᠳᠬᠤ ᠨᠥᠬᠦᠳ ᠸᠢᠳᠢᠤ᠋ ᠬᠤᠷᠠᠯ ᠢᠶᠠᠷ ᠳᠠᠮᠵᠢᠨ ᠬᠤᠷᠠᠯ ᠳᠤ ᠰᠤᠯᠠ ᠣᠷᠣᠯᠴᠠᠵᠠᠢ᠃          ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠪᠡᠯ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨᠠᠨ ᠪᠠᠶᠢᠴᠠᠭᠠᠬᠤ ᠪᠠᠷ ᠣᠷᠣᠵᠤ ᠰᠠᠭᠤᠬᠤ ᠴᠠᠭ ᠨᠢ 1 ᠰᠠᠷ᠎ᠠ ᠪᠣᠯᠣᠨ᠎ᠠ᠃ ᠣᠷᠣᠵᠤ ᠰᠠᠭᠤᠬᠤ ᠬᠤᠭᠤᠴᠠᠭᠠᠨ ᠳᠤ ︵2025 ᠣᠨ ᠤ 5 ᠰᠠᠷ᠎ᠠ ᠶᠢᠨ 28 - 6 ᠰᠠᠷ᠎ᠠ ᠶᠢᠨ 28 ᠤ ᠡᠳᠦᠷ︶ ᠲᠤᠰᠬᠠᠢ ᠲᠣᠬᠢᠷᠠᠭᠤᠯᠤᠭᠰᠠᠨ ᠵᠢᠵᠢᠭᠦᠷᠯᠡᠬᠦ ᠤᠲᠠᠰᠤ᠄ 0471 - 4819165᠂ ᠲᠤᠰᠬᠠᠢ ᠰᠢᠤᠳᠠᠨ ᠤ ᠬᠠᠶᠢᠷᠴᠠᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠦᠭᠡᠬᠤᠲᠠ ᠶᠢᠨ A980 ᠨᠣᠮᠧᠷᠲᠤ ᠰᠢᠤᠳᠠᠨ ᠤ ᠬᠠᠶᠢᠷᠴᠠᠭ᠃ ᠬᠢᠨᠠᠨ ᠪᠠᠶᠢᠴᠠᠭᠠᠬᠤ ᠳᠤᠭᠤᠶᠢᠯᠠᠩ ᠤᠨ ᠢᠯᠡᠴᠢᠯᠡᠨ ᠮᠡᠳᠡᠭᠦᠯᠬᠦ ᠤᠲᠠᠰᠤ ᠶᠢ ᠭᠥᠯᠢᠶᠡᠨ ᠠᠪᠬᠤ ᠴᠠᠭ ᠨᠢ ᠡᠳᠦᠷ ᠪᠦᠷᠢ ᠶᠢᠨ 8᠄ 00 - 20᠄ 00 ᠪᠣᠯᠣᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠱᠠᠭᠠᠷᠳᠠᠯᠭ᠎ᠠ ᠪᠠ ᠬᠢᠨᠠᠨ ᠪᠠᠶᠢᠴᠠᠭᠠᠬᠤ ᠳᠤᠭᠤᠶᠢᠯᠠᠩ ᠤᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠳᠤᠭᠤᠶᠢᠯᠠᠩ ᠭᠤᠣᠯᠳᠠᠭᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠬᠢ ᠵᠠᠬᠢᠳᠠᠯ ᠪᠠ ᠵᠠᠬᠢᠳᠠᠯ ᠰᠤᠷᠪᠤᠯᠵᠢᠯᠠᠯ ᠢᠶᠠᠷ ᠲᠠᠮᠵᠢᠨ ᠲᠤᠰᠬᠠᠭᠰᠠᠨ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠵᠦ᠂ ᠪᠤᠰᠤᠳ ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠬᠠᠷᠢᠶᠠᠯᠠᠭᠳᠠᠬᠤ ᠦᠭᠡᠢ ᠵᠠᠬᠢᠳᠠᠯ ᠰᠤᠷᠪᠤᠯᠵᠢᠯᠠᠯ ᠢᠶᠠᠷ ᠲᠡᠮᠵᠢᠨ ᠢᠯᠡᠴᠢᠯᠡᠨ ᠮᠡᠳᠡᠭᠦᠯᠦᠭᠰᠡᠨ ᠠᠰᠠᠭᠤᠳᠠᠯ ᠢ ᠲᠣᠭᠲᠠᠭᠠᠯ ᠶᠣᠰᠣᠭᠠᠷ ᠬᠢᠨᠠᠨ ᠪᠠᠶᠢᠴᠠᠭᠠᠭᠳᠠᠬᠤ ᠭᠠᠵᠠᠷ ᠣᠷᠣᠨ ᠳᠤ ᠲᠤᠰᠢᠶᠠᠨ ᠥᠭᠴᠦ ᠰᠢᠢᠳᠪᠦᠷᠢᠯᠡᠭᠦᠯᠦᠨ᠎ᠡ᠃
ᠢᠷᠡᠯᠲᠡ᠄ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ