5 ᠳ᠋ᠤᠭᠠᠷ ᠰᠠᠷ᠎ᠠ ᠶᠢᠨ 22 ᠤᠨ ᠡᠳᠦᠷ᠂ ᠰᠢᠨ᠎ᠡ ᠡᠨᠧᠷᠭᠢ ᠶᠢᠨ ᠲᠣᠣᠷ ᠲᠤ ᠨᠡᠶᠢᠯᠡᠭᠦᠯᠦᠭᠰᠡᠨ ᠴᠠᠬᠢᠯᠭᠠᠨ ᠤ ᠦᠨ᠎ᠡ ᠶᠢ ᠵᠠᠬ᠎ᠠ ᠳᠡᠯᠭᠡᠭᠦᠷᠴᠢᠯᠡᠭᠰᠡᠨ | ᠪᠠᠶᠢᠳᠠᠯ ᠳᠣᠣᠷ᠎ᠠ ᠪᠥᠬᠦ ᠣᠷᠣᠨ ᠤ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠰᠠᠶᠢᠲᠤᠷ | ᠬᠢᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ | ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠣᠷ ᠲᠤ ᠨᠡᠶᠢᠯᠡᠭᠦᠯᠦᠨ ᠪᠠᠭᠲᠠᠭᠠᠨ ᠰᠢᠩᠭᠡᠭᠡᠬᠦ ᠰᠢᠨ᠎ᠡ | ᠡᠨᠧᠷᠭᠢ ᠶᠢᠨ ᠴᠠᠬᠢᠯᠭᠠᠨ ᠭᠠᠷᠭᠠᠬᠤ ᠲᠥᠷᠥᠯ ᠵᠦᠢᠯ ᠤᠨ ᠥᠷᠢᠰᠦᠯᠳᠦᠭᠡᠨ ᠤ ᠴᠢᠨᠠᠷᠲᠠᠢ ᠳᠦᠬᠦᠷᠵᠢᠭᠦᠯᠬᠦ ᠬᠠᠮᠢᠶᠠᠷᠤᠯᠲᠠ ᠶᠢᠨ ᠠᠷᠭ᠎ᠠ ︵ᠰᠠᠨᠠᠯ ᠬᠤᠷᠢᠶᠠᠬᠤ ᠨᠣᠣᠷᠠᠭ︶︾ | ︵ᠳᠣᠷᠣᠭᠰᠢ ︽ᠠᠷᠭ᠎ᠠ︾ ᠭᠡᠵᠦ ᠲᠣᠪᠴᠢᠯᠠᠪᠠ︶ ᠶᠢ ᠳᠠᠷᠤᠮᠠᠯᠯᠠᠨ ᠶᠠᠪᠤᠭᠤᠯᠵᠤ᠂ ᠢᠯᠡ ᠪᠠᠷ ᠰᠠᠨᠠᠯ ᠬᠤᠷᠢᠶᠠᠪᠠ᠃ | ᠲᠤᠰ ᠠᠷᠭ᠎ᠠ ᠨᠢ ᠤᠯᠤᠰ ᠤᠨ ᠰᠢᠨ᠎ᠡ ᠡᠨᠧᠷᠭᠢ ᠶᠢᠨ ᠵᠠᠬ᠎ᠠ ᠳᠡᠯᠭᠡᠭᠦᠷᠴᠢᠯᠡᠭᠰᠡᠨ ᠥᠭᠡᠷᠡᠴᠢᠯᠡᠯᠲᠡ ᠪᠠ ᠲᠥᠷᠥᠯ ᠵᠦᠢᠯ ᠤᠨ ᠥᠷᠢᠰᠦᠯᠳᠦᠭᠡᠨ ᠤ | ᠴᠢᠨᠠᠷᠲᠠᠢ ᠳᠦᠬᠦᠷᠵᠢᠭᠦᠯᠬᠦ ᠲᠤᠬᠠᠢ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠨ ᠤ ᠲᠥᠯᠦᠪᠵᠢᠭᠦᠯᠭᠡ᠂ ᠥᠮᠴᠢᠲᠡᠨ ᠤ | ᠤᠷᠢᠳ ᠢᠶᠠᠷ ᠰᠣᠩᠭᠤᠬᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠪᠦᠲᠦᠭᠡᠨ ᠪᠠᠶᠢᠭᠤᠯᠬᠤ ᠶᠢᠨ ᠬᠢᠨᠠᠯᠲᠠ ᠬᠠᠮᠢᠶᠠᠷᠤᠯᠲᠠ ᠶᠢᠨ ᠲᠣᠭᠤᠷᠢᠨ ᠳᠤ ᠠᠯᠢ ᠣᠯᠠᠨ | ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠵᠦ᠂ ᠲᠣᠣᠷ ᠪᠠ ᠴᠠᠬᠢᠯᠭᠠᠨ ᠡᠭᠦᠰᠬᠡᠭᠴᠢ ᠶᠢᠨ ᠬᠠᠮᠵᠢᠯᠴᠠᠭ᠎ᠠ ᠶᠢ ᠴᠢᠩᠭᠠᠷᠠᠭᠤᠯᠤᠨ᠂ ᠠᠶᠢᠮᠠᠭ ᠬᠤᠲᠠ ᠶᠢᠨ | ᠬᠠᠮᠲᠤᠷᠠᠯᠴᠠᠭ᠎ᠠ ᠶᠢ ᠳᠡᠮᠵᠢᠵᠦ᠂ ᠡᠯ᠎ᠡ ᠲᠥᠷᠥᠯ ᠤᠨ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠱᠠᠭᠠᠷᠳᠠᠯᠭ᠎ᠠ ᠶᠣᠰᠣᠭᠠᠷ ᠪᠦᠲᠦᠭᠡᠨ ᠪᠠᠶᠢᠭᠤᠯᠤᠯᠲᠠ ᠳᠤ | ᠣᠷᠣᠯᠴᠠᠭᠤᠯᠵᠤ᠂ ᠠᠶᠢᠮᠠᠭ ᠬᠤᠲᠠ ᠶᠢᠨ ᠠᠵᠤ ᠦᠢᠯᠡᠰ ᠤᠨ ᠲᠥᠯᠦᠪᠵᠢᠭᠦᠯᠭᠡ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠤ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠬᠠᠩᠭᠠᠨ᠎ᠠ᠃ ᠲᠥᠷᠥ ᠶᠢᠨ ᠪᠣᠳᠣᠯᠭ᠎ᠠ ᠶᠢ ᠤᠷᠢᠳ ᠢᠶᠠᠷ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ | ᠲᠥᠷᠥᠯ ᠵᠦᠢᠯ ᠤᠨ ᠬᠢᠨᠠᠨ ᠵᠥᠪᠰᠢᠶᠡᠷᠡᠬᠦ ᠪᠠ ᠪᠦᠲᠦᠭᠡᠨ ᠪᠠᠶᠢᠭᠤᠯᠬᠤ ᠶᠢ ᠵᠢᠯ ᠪᠦᠷᠢ ᠬᠤᠶᠠᠷ ᠪᠦᠯᠦᠭ ᠤᠳᠠᠭ᠎ᠠ ᠬᠤᠪᠢᠶᠠᠨ ᠵᠣᠬᠢᠶᠠᠨ ᠪᠠᠶᠢᠭᠤᠯᠬᠤ ᠪᠠᠷ | ᠲᠥᠯᠥᠪᠵᠢᠭᠦᠯᠵᠦ᠂ ᠰᠢᠨ᠎ᠡ ᠡᠨᠧᠷᠭᠢ ᠶᠢᠨ ᠡᠬᠢ ᠪᠠᠶᠠᠯᠢᠭ ᠢ ᠳᠦᠬᠦᠷᠵᠢᠭᠦᠯᠬᠦ ᠦᠷ᠎ᠡ ᠪᠦᠲᠦᠮᠵᠢ ᠪᠠ ᠦᠷ᠎ᠡ ᠠᠰᠢᠭ ᠢ ᠳᠡᠭᠡᠭᠰᠢᠯᠡᠭᠦᠯᠵᠦ᠂ ᠪᠥᠬᠦ ᠣᠷᠣᠨ ᠤ ᠰᠢᠨ᠎ᠡ | ᠡᠨᠧᠷᠭᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠤᠨ᠎ᠠ᠃ |