​60 ᠭᠠᠷᠤᠢ ᠲᠦᠮᠡᠨ ᠬᠥᠮᠥᠨ ᠤ ᠠᠵᠢᠯ ᠣᠯᠭᠤᠯᠲᠠ ᠶᠢ ᠳᠠᠶᠢᠴᠢᠯᠠᠪᠠ
ᠨᠡᠶᠢᠲᠡᠯᠡᠭᠰᠡᠨ ᠴᠠᠭ᠄
2025/5/29
          ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ ᠣᠷᠣᠨ ᠪᠦᠰᠡ ᠶᠢᠨ ᠣᠨᠴᠠᠯᠢᠭ ᠲᠠᠢ᠂ ᠠᠵᠢᠯ ᠲᠦᠷᠦᠯ ᠤᠨ ᠣᠨᠴᠠᠯᠢᠭ ᠲᠠᠢ᠂ ᠤᠷ᠎ᠠ ᠮᠡᠷᠭᠡᠵᠢᠯ ᠤᠨ ᠣᠨᠴᠠᠯᠢᠭ ᠲᠠᠢ ᠠᠵᠢᠯ ᠣᠯᠭᠤᠯᠲᠠ ᠶᠢ ᠳᠠᠶᠢᠴᠢᠯᠠᠬᠤ ᠴᠢᠳᠠᠪᠤᠷᠢ ᠪᠠᠷ ᠴᠢᠩᠭ᠎ᠠ ᠭᠦᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠢ ᠢᠳᠡᠪᠬᠢᠲᠡᠢ ᠪᠣᠶᠢᠵᠢᠭᠤᠯᠤᠨ ᠡᠭᠦᠳᠴᠦ᠂ ᠮᠠᠯᠵᠢᠬᠤ ᠲᠠᠷᠢᠶᠠᠯᠠᠬᠤ ᠣᠷᠣᠨ ᠤ ᠭᠦᠳᠡᠯᠮᠦᠷᠢ ᠬᠦᠴᠦᠨ ᠤ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠪᠡᠶᠡᠯᠡᠭᠦᠯᠬᠦ ᠶᠢ ᠠᠬᠢᠭᠤᠯᠪᠠ᠃ ᠣᠳᠣᠬᠠᠨ ᠪᠤᠯᠲᠠᠯ᠎ᠠ ᠨᠡᠶᠢᠲᠡ 124 ᠭᠦᠳᠡᠯᠮᠦᠷᠢ ᠦᠢᠯᠡᠴᠢᠯᠡᠭᠡᠨ ᠤ ᠲᠥᠷᠥᠯ ᠲᠡᠮᠳᠡᠭ ᠢ ᠪᠣᠶᠢᠵᠢᠭᠤᠯᠵᠤ᠂ 60 ᠭᠠᠷᠤᠢ ᠲᠦᠮᠡᠨ ᠬᠥᠮᠥᠨ ᠤ ᠠᠵᠢᠯ ᠣᠯᠭᠤᠯᠲᠠ ᠶᠢ ᠳᠠᠶᠢᠴᠢᠯᠠᠭᠰᠠᠨ ᠪᠠᠶᠢᠨ᠎ᠠ᠃          ᠣᠶᠢᠯᠠᠭᠠᠭᠰᠠᠨ ᠢᠶᠠᠷ᠂ ᠥᠪᠥᠷ ᠮᠣᠩᠭᠤᠯ ᠭᠦᠳᠡᠯᠮᠦᠷᠢ ᠦᠢᠯᠡᠴᠢᠯᠡᠭᠡᠨ ᠤ ᠲᠥᠷᠥᠯ ᠲᠡᠮᠳᠡᠭ ᠢ ᠬᠥᠭᠵᠢᠭᠦᠯᠬᠦ ᠶᠢ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠪᠠ ᠥᠷᠭᠡᠳᠬᠡᠬᠦ ᠯᠦᠭᠡ ᠬᠠᠷᠢᠯᠴᠠᠨ ᠤᠶᠠᠯᠳᠤᠭᠤᠯᠬᠤ᠂ ᠤᠷ᠎ᠠ ᠴᠢᠳᠠᠪᠤᠷᠢ ᠶᠢᠨ ᠲᠥᠷᠥᠯ ᠲᠡᠮᠳᠡᠭ ᠪᠠ ᠭᠦᠳᠡᠯᠮᠦᠷᠢ ᠦᠢᠯᠡᠴᠢᠯᠡᠭᠡᠨ ᠤ ᠲᠥᠷᠥᠯ ᠲᠡᠮᠳᠡᠭ ᠢ ᠬᠠᠷᠢᠯᠴᠠᠨ ᠤᠶᠠᠯᠳᠤᠭᠤᠯᠬᠤ᠂ ᠣᠨᠴᠠᠯᠢᠭᠲᠤ ᠲᠥᠷᠥᠯ ᠲᠡᠮᠳᠡᠭ ᠪᠠ ᠭᠠᠵᠠᠷ ᠣᠷᠣᠨ ᠤ ᠲᠥᠷᠥᠯ ᠲᠡᠮᠳᠡᠭ ᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠳᠤᠮᠳᠠ ᠳᠡᠭᠡᠳᠦ ᠲᠠᠰ ᠤᠨ ᠤᠷ᠎ᠠ ᠴᠢᠳᠠᠪᠤᠷᠢ᠂ ᠴᠢᠨᠠᠷ ᠰᠠᠶᠢᠲᠠᠢ ᠦᠢᠯᠡᠴᠢᠯᠡᠭᠡ᠂ ᠰᠣᠶᠣᠯ ᠪᠠ ᠵᠢᠭᠤᠯᠴᠢᠯᠠᠯ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠣᠨᠴᠠᠯᠢᠭᠲᠤ ᠭᠦᠳᠡᠯᠮᠦᠷᠢ ᠦᠢᠯᠡᠴᠢᠯᠡᠭᠡᠨ ᠤ ᠲᠥᠷᠥᠯ ᠲᠡᠮᠳᠡᠭ ᠢ ᠬᠦᠴᠦᠯᠡᠨ ᠪᠤᠶ ᠪᠣᠯᠭᠠᠪᠠ᠃ ︽ᠢᠯᠡᠷᠡᠭᠦᠯᠬᠦ ︱ ᠪᠣᠶᠢᠵᠢᠭᠤᠯᠬᠤ ︱ ᠳᠡᠭᠡᠭᠰᠢᠯᠡᠭᠦᠯᠭᠦ ︱ ᠪᠤᠵᠠᠭᠠᠶᠢᠷᠠᠭᠤᠯᠬᠤ︾ ᠵᠠᠭᠪᠤᠷ ᠶᠣᠰᠣᠭᠠᠷ᠂ ᠭᠦᠳᠡᠯᠮᠦᠷᠢ ᠦᠢᠯᠡᠴᠢᠯᠡᠭᠡᠨ ᠤ ᠲᠥᠷᠥᠯ ᠲᠡᠮᠳᠡᠭ ᠢ ᠪᠣᠶᠢᠵᠢᠭᠤᠯᠬᠤ ᠲᠤᠰᠬᠠᠢ ᠠᠵᠢᠯᠯᠠᠭ᠎ᠠ ᠶᠢ ᠠᠯᠬᠤᠮ ᠬᠤᠪᠢᠶᠠᠨ ᠬᠡᠷᠡᠭᠵᠢᠭᠦᠯᠵᠦ᠂ ᠣᠳᠣᠬᠠᠨ ᠪᠤᠯᠳᠠᠯ᠎ᠠ ᠪᠦᠭᠦ ᠣᠷᠣᠨ ᠳᠤ ᠭᠦᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠢ 74 ᠪᠣᠶᠢᠵᠢᠭᠤᠯᠤᠨ ᠡᠭᠦᠳᠪᠡ᠃ ᠡᠭᠦᠨ ᠳᠤ ︽ᠬᠢᠩᠭᠠᠨ ᠤ ᠭᠡᠷ ᠤᠨ ᠶᠠᠪᠤᠳᠠᠯ ᠤᠨ ᠦᠢᠯᠡᠴᠢᠯᠡᠭᠡ︾ ᠵᠡᠷᠭᠡ 16 ᠭᠦᠳᠡᠯᠮᠦᠷᠢ ᠦᠢᠯᠡᠴᠢᠯᠡᠭᠡᠨ ᠤ ᠲᠥᠷᠥᠯ ᠲᠡᠮᠳᠡᠭ ᠨᠢ ᠪᠦᠭᠦ ᠤᠯᠤᠰ ᠤᠨ ᠭᠦᠳᠡᠯᠮᠦᠷᠢ ᠦᠢᠯᠡᠴᠢᠯᠡᠭᠡᠨ ᠤ ᠲᠥᠷᠥᠯ ᠲᠡᠮᠳᠡᠭ ᠤᠨ ᠬᠥᠭᠵᠢᠯᠲᠡ ᠶᠢᠨ ᠶᠡᠭᠡ ᠬᠤᠷᠠᠯ᠂ ︽ᠬᠤᠷᠴᠢᠨ ᠤ ᠤᠯᠠᠭᠠᠨ ᠦᠬᠡᠷ ᠤᠨ ᠠᠵᠤ ᠦᠢᠯᠡᠰ ᠤᠨ ᠠᠵᠢᠯᠴᠢᠨ︾ ᠵᠡᠷᠭᠡ ᠭᠦᠳᠡᠯᠮᠤᠷᠢ ᠦᠢᠯᠡᠴᠢᠯᠡᠭᠡᠨ ᠤ ᠳᠦᠷᠦᠯ ᠵᠦᠢᠯ ᠨᠢ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠭᠦᠳᠡᠯᠮᠦᠷᠢ ᠦᠢᠯᠡᠴᠢᠯᠡᠭᠡᠨ ᠤ ᠲᠥᠷᠥᠯ ᠲᠡᠮᠳᠡᠭ ᠤᠨ ᠰᠣᠯᠢᠯᠴᠠᠭᠠᠨ ᠤ ᠠᠵᠢᠯᠯᠠᠭ᠎ᠠ ᠪᠠ ᠥᠪᠥᠷ ᠮᠣᠩᠭᠤᠯ ᠤᠨ ᠭᠦᠳᠡᠯᠮᠦᠷᠢ ᠦᠢᠯᠡᠴᠢᠯᠡᠭᠡᠨ ᠤ ᠲᠥᠷᠥᠯ ᠲᠡᠮᠳᠡᠭ ᠢ ᠪᠡᠭᠡᠵᠢᠩ ᠳᠤ ᠣᠷᠣᠭᠤᠯᠵᠤ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠳᠤ ᠣᠷᠣᠯᠴᠠᠵᠠᠢ᠃          ᠡᠭᠦᠨ ᠤ ᠬᠠᠮᠲᠤ᠂ ᠥᠪᠥᠷ ᠮᠣᠩᠭᠤᠯ ᠪᠡᠭᠡᠵᠢᠩ ᠬᠤᠲᠠ ᠶᠢᠨ ᠠᠵᠢᠯ ᠲᠥᠷᠥᠯ ᠤᠨ ᠰᠢᠰᠲ᠋ᠧᠮ ᠢᠶᠠᠷ ᠬᠠᠪᠰᠤᠷᠤᠨ ᠲᠡᠳᠬᠦᠬᠦ ᠲᠣᠭᠤᠷᠢᠭ ᠲᠠᠢ ᠬᠠᠮᠲᠤᠷᠠᠨ ᠨᠢᠭᠡ ᠪᠦᠯᠦᠭ ᠣᠷᠣᠨ ᠨᠤᠲᠤᠭ ᠤᠨ ᠣᠨᠴᠠᠯᠢᠭ ᠲᠠᠢ᠂ ᠠᠵᠢᠯ ᠣᠯᠭᠤᠯᠲᠠ ᠶᠢ ᠳᠠᠶᠢᠴᠢᠯᠠᠬᠤ ᠴᠢᠳᠠᠪᠤᠷᠢ ᠪᠠᠷ ᠲᠣᠪᠣᠶᠢᠮ᠎ᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠠᠵᠢᠯᠯᠠᠬᠤ ᠭᠦᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠢ ᠪᠣᠶᠢᠵᠢᠭᠤᠯᠵᠤ᠂ ᠭᠦᠳᠡᠯᠮᠦᠷᠢ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠠᠰᠢᠭ ᠢ ᠨᠡᠮᠡᠭᠳᠡᠭᠦᠯᠦᠨ᠂ ᠭᠦᠳᠡᠯᠮᠦᠷᠢ ᠦᠢᠯᠡᠴᠢᠯᠡᠭᠡᠨ ᠤ ᠭᠠᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠪᠡ᠃ ᠡᠭᠦᠨ ᠠᠴᠠ ᠭᠠᠳᠠᠨ᠎ᠠ ᠪᠠᠰᠠ ᠭᠡᠷ ᠤᠨ ᠶᠠᠪᠤᠳᠠᠯ ᠤᠨ ᠦᠢᠯᠡᠴᠢᠯᠡᠭᠡᠨ ᠤ ᠭᠦᠳᠡᠯᠮᠦᠷᠢ ᠦᠢᠯᠡᠴᠢᠯᠡᠭᠡ ᠶᠢ ᠭᠠᠳᠠᠭᠰᠢ ᠭᠠᠷᠭᠠᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠡᠮᠬᠢ ᠵᠢᠷᠤᠮ ᠲᠠᠢ ᠪᠠᠷ ᠰᠢᠯᠵᠢᠭᠦᠯᠦᠨ ᠠᠵᠢᠯ ᠣᠯᠭᠤᠬᠤ ᠶᠢ ᠳᠡᠮᠵᠢᠬᠦ᠂ ᠠᠵᠢᠯ ᠮᠡᠷᠭᠡᠵᠢᠯ ᠤᠨ ᠪᠣᠯᠪᠠᠰᠤᠷᠠᠯ ᠤᠨ ᠬᠠᠮᠵᠢᠯᠴᠠᠨ ᠬᠥᠭᠵᠢᠬᠦ ᠶᠢ ᠠᠬᠢᠭᠤᠯᠬᠤ ᠵᠡᠷᠭᠡ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠥᠪᠡᠷᠮᠢᠴᠡ ᠣᠨᠴᠠᠯᠢᠭ ᠲᠠᠢ᠂ ᠬᠡᠪᠴᠢᠶᠡᠵᠢᠯ ᠲᠠᠢ᠂ ᠨᠥᠯᠥᠭᠡᠯᠡᠬᠦ ᠬᠦᠴᠦᠨ ᠲᠠᠢ ᠭᠡᠷ ᠤᠨ ᠶᠠᠪᠤᠳᠠᠯ ᠤᠨ ᠭᠦᠳᠡᠯᠮᠦᠷᠢ ᠦᠢᠯᠡᠴᠢᠯᠡᠭᠡᠨ ᠤ ᠲᠥᠷᠥᠯ ᠲᠡᠮᠳᠡᠭ ᠢ ᠢᠳᠡᠪᠬᠢᠲᠡᠢ ᠪᠠᠷ ᠪᠣᠶᠢᠵᠢᠭᠤᠯᠵᠤ᠂ ᠨᠠᠩ ᠣᠯᠠᠨ ᠬᠤᠲᠠ ᠬᠥᠳᠡᠭᠡ ᠶᠢᠨ ᠭᠦᠳᠡᠯᠮᠦᠷᠢ ᠬᠦᠴᠦᠨ ᠤ ᠭᠡᠷ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶᠡᠨ ᠳᠤ ᠠᠵᠢᠯ ᠣᠯᠬᠤ ᠶᠢ ᠬᠥᠲᠥᠯᠥᠨ ᠵᠢᠯᠤᠭᠤᠳᠴᠤ᠂ ᠭᠡᠷ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠪᠠ᠃
ᠢᠷᠡᠯᠲᠡ᠄ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ