5 ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠫᠠᠶᠢᠰᠠ ᠡᠯᠭᠦᠨ ᠡᠵᠡᠩᠨᠡᠯᠲᠡ ᠪᠠᠨ | ᠡᠬᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠫᠠᠶᠢᠰᠠ ᠡᠯᠭᠦᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠸᠠᠩ ᡁᠢ ᠴᠢᠶᠠᠩ᠂ ᠥᠪᠥᠷ ᠮᠣᠩᠭᠤᠯ ᠤᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠪᠦᠭᠦ ᠤᠯᠤᠰ ᠤᠨ ᠬᠥᠳᠡᠭᠡ ᠲᠣᠰᠬᠤᠨ ᠤ | ᠢᠲᠡᠭᠡᠮᠵᠢ ᠶᠢᠨ ᠮᠡᠳᠡᠭᠡ ᠵᠠᠩᠭᠢ ᠶᠢᠨ ᠥᠭᠡᠷᠡᠴᠢᠯᠡᠯᠲᠡ ᠶᠢᠨ ᠴᠠᠭ ᠢᠶᠠᠷ ᠬᠠᠮᠤᠭ ᠤᠨ ᠣᠬᠤᠷ᠂ ᠬᠤᠷᠳᠤᠴᠠ ᠪᠠᠷ ᠬᠠᠮᠤᠭ ᠤᠨ ᠲᠦᠷᠭᠡᠨ ᠲᠡᠮᠳᠡᠭᠯᠡᠯ ᠢ ᠡᠭᠦᠳᠴᠦ᠂ | ︽ᠥᠭᠡᠷᠡᠴᠢᠯᠡᠯᠲᠡ ᠳᠤ ᠬᠤᠯᠪᠣᠭᠳᠠᠭᠰᠠᠨ 121 ᠪᠠᠶᠢᠭᠤᠯᠤᠮᠵᠢ ᠶᠢ ᠨᠢᠭᠡ ᠯᠡ ᠳᠡᠭᠡᠷ᠎ᠡ ᠨᠢᠭᠡᠳᠦᠯᠲᠡᠢ ᠬᠠᠤᠯᠢ ᠶᠢᠨ ᠡᠷᠬᠡᠲᠡᠨ ᠤ ᠬᠥᠳᠡᠭᠡ ᠲᠣᠰᠬᠤᠨ ᠤ | ᠬᠤᠳᠠᠯᠳᠤᠭᠠᠨ ᠤ ᠪᠠᠩᠬᠢ ᠪᠣᠯᠭᠠᠨ ᠪᠠᠶᠢᠭᠤᠯᠤᠭᠰᠠᠨ︾᠂ ︽ᠥᠪᠥᠷ ᠮᠣᠩᠭᠤᠯ ᠤᠨ ᠬᠡᠪ ᠵᠠᠭᠪᠤᠷ︾ ᠢ ᠬᠠᠩᠭᠠᠪᠠ᠂ ᠡᠨᠡ ᠨᠢ 70 ᠭᠠᠷᠤᠢ ᠵᠢᠯ ᠤᠨ ᠲᠡᠦᠬᠡ ᠲᠠᠢ ᠥᠪᠥᠷ | ᠮᠣᠩᠭᠤᠯ ᠤᠨ ᠬᠥᠳᠡᠭᠡ ᠲᠣᠰᠬᠤᠨ ᠤ ᠬᠤᠷᠰᠢᠯᠴᠠᠬᠤ ᠮᠥᠩᠭᠦᠨ ᠭᠦᠢᠯᠭᠡᠭᠡᠨ ᠤ ᠦᠢᠯᠡᠰ ᠤᠨ ᠴᠣ ᠰᠢᠨ᠎ᠡ ᠬᠠᠭᠤᠳᠠᠰᠤ ᠶᠢ ᠨᠡᠭᠡᠭᠡᠭᠰᠡᠨ ᠢ ᠬᠠᠷᠠᠭᠤᠯᠵᠤ ᠪᠠᠶᠢᠨ᠎ᠠ᠃ | ᠰᠢᠨ᠎ᠡ ᠪᠠᠩᠬᠢ ︽ᠬᠤᠶᠠᠷ ᠶᠡᠭᠡ ᠶᠠᠪᠤᠳᠠᠯ︾᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠳᠤ ᠦᠢᠯᠡᠴᠢᠯᠡᠬᠦ ᠲᠣᠭᠤᠷᠢᠨ ᠳᠤ᠂ | ᠠᠵᠤ ᠦᠢᠯᠡᠰ ᠤᠨ ᠬᠥᠭᠵᠢᠯᠲᠡ ᠪᠠ ᠵᠠᠬ᠎ᠠ ᠳᠡᠯᠭᠡᠭᠦᠷ ᠤᠨ ᠪᠣᠳᠠᠲᠤ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠣᠶᠢᠷᠠᠲᠤᠨ ᠮᠥᠩᠭᠦᠨ ᠭᠦᠢᠯᠭᠡᠭᠡᠨ ᠤ ᠦᠢᠯᠡᠴᠢᠯᠡᠭᠡ | ᠬᠠᠩᠭᠠᠵᠤ᠂ ︽ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠳᠤᠮᠳᠠ ᠵᠣᠷᠢᠭᠲᠠᠢ ᠪᠠᠷ ᠴᠢᠬᠤᠯᠠ ᠡᠭᠦᠷᠭᠡ ᠶᠢ ᠡᠭᠦᠷᠭᠡᠯᠡᠬᠦ ᠬᠡᠷᠡᠭᠲᠡᠢ᠃ ᠤᠳᠤ ᠦᠶ᠎ᠡ ᠶᠢᠨ | ᠣᠨᠴᠠᠯᠢᠭᠲᠤ ᠮᠥᠩᠭᠦᠨ ᠭᠦᠢᠯᠭᠡᠭᠡᠨ ᠤ ᠠᠵᠤ ᠠᠬᠤᠶᠢᠯᠠᠯ ᠢ ᠪᠠᠶᠢᠭᠤᠯᠬᠤ ᠪᠠᠷ ᠬᠠᠷᠠᠯᠲᠠ ᠪᠤᠯᠭᠠᠵᠤ᠂ ᠪᠠᠶᠢᠭᠤᠯᠤᠯ ᠲᠣᠭᠲᠠᠴᠠ᠂ ᠬᠠᠮᠢᠶᠠᠷᠤᠯᠲᠠ ᠶᠢᠨ ᠠᠷᠭ᠎ᠠ ᠭᠡᠯᠪᠡᠷᠢ᠂ | ᠡᠵᠡᠩᠨᠡᠯᠲᠡ ᠶᠢᠨ ᠵᠠᠭᠪᠤᠷ ᠢᠶᠠᠨ ᠪᠦᠭᠦ ᠲᠠᠯ᠎ᠠ ᠪᠠᠷ ᠰᠢᠨᠡᠴᠢᠯᠡᠵᠦ᠂ ᠲᠠᠷᠢᠶᠠᠯᠠᠩ ᠮᠠᠯ ᠠᠵᠤ ᠠᠬᠤᠢ ᠶᠢ ᠳᠡᠮᠵᠢᠬᠦ ᠪᠠᠭ᠎ᠠ ᠵᠢᠵᠢᠭ ᠠᠵᠤ ᠠᠬᠤᠶᠢᠯᠠᠯ ᠢ ᠳᠡᠮᠵᠢᠬᠦ ᠲᠠᠯ᠎ᠠ ᠪᠠᠷ | ᠲᠤᠰᠬᠠᠶᠢᠵᠢᠭᠰᠠᠨ᠂ ᠨᠠᠷᠢᠯᠢᠭᠵᠢᠭᠰᠠᠨ᠂ ᠣᠨᠴᠠᠯᠢᠭᠲᠤ ᠦᠢᠯᠡᠴᠢᠯᠡᠭᠡ ᠬᠠᠩᠭᠠᠵᠤ᠂ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠠᠵᠢᠯ ᠲᠦᠷᠦᠯ ᠤᠨ ᠲᠤᠯᠭᠠᠭᠤᠷᠢ | ᠬᠦᠴᠦᠨ ᠪᠤᠯᠬᠤ ᠬᠡᠷᠡᠭᠲᠡᠢ ᠭᠡᠪᠡ᠃ |