ᠰᠢᠨᠬᠤᠸᠠ ᠬᠤᠷᠢᠶ᠎ᠠ ᠶᠢᠨ ᠭᠦᠭᠡᠬᠤᠲᠠ ᠶᠢᠨ 5 ᠰᠠᠷ᠎ᠠ ᠶᠢᠨ 28 ᠤ ᠴᠠᠭᠢᠯᠭᠠᠨ ᠮᠡᠳᠡᠭᠡ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ | ᠬᠠᠲᠤᠨ ᠭᠤᠣᠯ ᠤᠨ ︽ᠶᠡᠭᠡ ᠲᠣᠬᠤᠢ ᠣᠷᠣᠨ︾ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠬᠤᠢ ᠲᠠᠯᠠᠪᠠᠶ ᠶᠢᠨ ᠠᠬᠢᠭᠤᠯᠬᠤ ᠬᠤᠷᠠᠯ 27 ᠤ ᠡᠳᠦᠷ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠤᠲᠠ ᠳᠤ ᠬᠤᠷᠠᠯᠳᠤᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠤᠯᠤᠰ ᠲᠥᠷᠥ ᠶᠢᠨ ᠲᠣᠪᠴᠢᠶ᠎ᠠ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠾᠧ ᠯᠢ ᠹᠧᠩ ᠬᠤᠷᠠᠯ ᠳᠤ ᠣᠷᠣᠯᠴᠠᠬᠰᠠᠨ | ᠪᠥᠭᠡᠳ ᠶᠠᠷᠢᠶ᠎ᠠ ᠲᠠᠯᠪᠢᠪᠠ᠂ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠣᠶᠢᠯᠠᠭᠠᠵᠤ᠂ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠠᠬᠢᠴᠠ ᠶᠢ ᠴᠠᠭ | ᠲᠤᠬᠠᠢ ᠳᠤᠨᠢ ᠰᠢᠯᠤᠭᠤᠬᠠᠨ ᠳ᠋ᠦᠩᠨᠡᠵᠦ᠂ ᠣᠳᠣᠬᠠᠨ ᠤ ᠪᠠᠶᠢᠳᠠᠯ ᠪᠣᠯᠣᠨ ᠥᠷᠢᠰᠦᠯᠳᠦᠭᠡᠨ ᠢ ᠰᠡᠷᠭᠡᠭ ᠢᠶᠠᠷ ᠲᠠᠨᠢᠵᠤ᠂ ᠨᠠᠩ ᠶᠡᠭᠡ ᠡᠷᠴᠢᠮ᠂ ᠨᠠᠩ ᠪᠣᠳᠠᠲᠠᠢ ᠠᠷᠭ᠎ᠠ | ᠬᠡᠮᠵᠢᠶ᠎ᠡ ᠪᠠᠷ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠰᠢᠨ᠎ᠡ ᠦᠷ᠎ᠡ ᠪᠦᠲᠦᠭᠡᠯ ᠣᠯᠬᠤ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | 2023 ᠣᠨ ᠤ 6 ᠰᠠᠷ᠎ᠠ ᠶᠢᠨ 6 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠪᠠᠶᠠᠨᠨᠠᠭᠤᠷ ᠲᠤ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ | ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠵᠤ᠂ ᠵᠣᠷᠢᠭᠲᠠᠢ ᠡᠭᠦᠷᠭᠡ ᠬᠠᠷᠢᠭᠤᠴᠠᠯᠭ᠎ᠠ ᠡᠭᠦᠷᠭᠡᠯᠡᠵᠦ᠂ | ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠤᠳᠠᠭᠠᠨ ᠳᠠᠭᠠᠭᠠᠮᠠᠭᠠᠢ ᠵᠢᠳᠬᠦᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠬᠦ ᠬᠡᠷᠡᠭᠲᠡᠢ ᠭᠡᠵᠦ ᠱᠠᠭᠠᠷᠳᠠᠪᠠ᠃ ᠬᠤᠶᠠᠷ ᠵᠢᠯ ᠤᠨ ᠲᠤᠷᠰᠢ᠂ ᠡᠯ᠎ᠡ ᠬᠤᠯᠪᠣᠭᠳᠠᠯ ᠪᠦᠬᠦᠢ ᠭᠠᠵᠠᠷ | ᠣᠷᠣᠨ ᠪᠣᠯᠣᠨ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠴᠢᠬᠤᠯᠠ ᠶᠡᠭᠡ ᠱᠠᠲᠤᠴᠢ ᠴᠢᠨᠠᠷᠲᠠᠢ ᠦᠷ᠎ᠡ | ᠪᠦᠲᠦᠮᠵᠢ ᠣᠯᠬᠤ ᠶᠢ ᠠᠬᠢᠭᠤᠯᠪᠠ᠃ | ᠾᠧ ᠯᠢ ᠹᠧᠩ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠶᠠᠭ ᠪᠦᠭᠦ ᠲᠠᠯ᠎ᠠ ᠪᠠᠷ ᠠᠬᠢᠭᠤᠯᠬᠤ᠂ ᠬᠦᠴᠢᠷ ᠢ ᠲᠤᠭᠤᠯᠤᠨ ᠪᠡᠷᠬᠡ ᠶᠢ | ᠳᠠᠪᠠᠭᠤ ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠠᠶᠢᠨ᠎ᠠ᠂ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2027 ᠣᠨ ᠤ ᠡᠴᠦᠰ ᠠᠴᠠ ᠡᠮᠦᠨ᠎ᠡ᠂ ᠵᠢᠷᠭᠤᠳᠤᠭᠠᠷ ᠬᠤᠭᠤᠴᠠᠭᠠᠨ ᠤ | ᠲᠥᠯᠦᠪᠵᠢᠭᠦᠯᠭᠡ ᠶᠢᠨ 70% ᠠᠴᠠ ᠳᠡᠭᠡᠭᠰᠢᠬᠢ ᠡᠭᠦᠷᠭᠡ ᠶᠢ ᠪᠡᠶᠡᠯᠡᠭᠦᠯᠬᠦ ᠪᠠᠷ ᠴᠢᠷᠮᠠᠶᠢᠵᠤ᠂ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ | ᠭᠤᠣᠯ ᠴᠣᠭᠴᠠ ᠶᠢᠨ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠬᠦ ᠬᠡᠷᠡᠭᠲᠡᠢ︔ 2030 ᠣᠨ ᠪᠤᠯᠬᠤ ᠳᠤ ᠵᠢᠷᠭᠤᠳᠤᠭᠠᠷ ᠬᠤᠭᠤᠴᠠᠭᠠᠨ ᠤ ᠲᠥᠯᠦᠪᠵᠢᠭᠦᠯᠭᠡ ᠶᠢᠨ | ᠡᠭᠦᠷᠭᠡ ᠶᠢ ᠪᠦᠭᠦ ᠲᠠᠯ᠎ᠠ ᠪᠠᠷ ᠪᠡᠶᠡᠯᠡᠭᠦᠯᠬᠦ ᠪᠠᠷ ᠴᠢᠷᠮᠠᠶᠢᠵᠤ᠂ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠳᠤ ᠨᠠᠩ ᠢᠯᠡᠷᠬᠡᠢ ᠦᠷ᠎ᠡ ᠪᠦᠲᠦᠮᠵᠢ | ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | 27 ᠤ ᠦᠳᠡ ᠶᠢᠨ ᠡᠮᠦᠨ᠎ᠡ᠂ ᠾᠧ ᠯᠢ ᠹᠧᠩ ᠥᠪᠥᠷ ᠮᠣᠩᠭᠤᠯ ᠤᠨ ᠬᠡᠰᠡᠭ ᠲᠠᠬᠢ ᠬᠠᠲᠤᠨ ᠭᠤᠣᠯ ᠤᠨ ︽ᠶᠡᠭᠡ ᠲᠣᠬᠤᠢ ᠣᠷᠣᠨ︾ ᠤ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠠᠬᠤᠢ ᠲᠠᠯᠠᠪᠠᠶ ᠳᠤ ᠬᠦᠷᠴᠦ᠂ ᠰᠠᠨ ᠱᠧᠩ ᠭᠦᠩ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ᠂ ᠬᠠᠲᠤᠨ ᠭᠤᠣᠯ ᠤᠨ ᠡᠷᠭᠢ | ᠳᠠᠭᠠᠤ ᠶᠢᠨ ᠨᠡᠭᠦᠳᠡᠯ ᠡᠯᠡᠰᠦ ᠶᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠣᠷᠣᠨ᠂ ᠳ᠋ᠧᠩᠺᠸᠤ ᠶᠢᠨ ᠴᠠᠭᠢᠯᠭᠠᠨ ᠨᠥᠭᠡᠴᠡᠯᠡᠬᠦ ᠰᠢᠨ᠎ᠡ ᠡᠨᠧᠷᠭᠢ ᠶᠢᠨ | ᠲᠥᠷᠥᠯ ᠵᠦᠢᠯ ᠤᠨ ᠣᠷᠣᠨ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠪᠠᠶᠢᠳᠠᠯ ᠢ ᠭᠦᠨᠵᠡᠭᠡᠢ ᠣᠶᠢᠯᠠᠭᠠᠪᠠ᠃ |