ᠡᠨᠡ ᠵᠢᠯ ᠠᠴᠠ ᠨᠠᠰᠢ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠡ ᠭᠤᠣᠯ ᠰᠢᠵᠢᠮ ᠢ | ᠲᠤᠭᠤᠰᠢᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠲᠦᠷᠭᠡᠳᠬᠡᠨ | ᠬᠡᠷᠡᠭᠵᠢᠭᠦᠯᠵᠦ᠂ ︽ᠵᠢᠷᠭᠤᠭᠠᠨ ᠠᠵᠢᠯᠯᠠᠭᠠᠨ︾ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ ᠤᠨ ᠦᠷ᠎ᠡ ᠪᠦᠲᠦᠭᠡᠯ ᠢ | ᠬᠤᠪᠢᠷᠠᠭᠤᠯᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠢ ᠶᠢᠨ ᠲᠣᠭᠲᠠᠭᠤᠨ ᠡᠷᠭᠢᠯᠲᠡ ᠶᠢᠨ ᠪᠠᠶᠢᠳᠠᠯ ᠢ ᠪᠠᠲᠤᠯᠠᠪᠠ᠃ | ᠨᠢᠭᠡ᠂ ᠠᠵᠤ ᠦᠢᠯᠡᠳᠪᠦᠷᠢ ᠰᠡᠷᠭᠦᠯᠲᠡ ᠶᠢᠨ ᠴᠢᠨᠠᠷᠲᠠᠢ ᠨᠡᠮᠡᠭᠳᠡᠯ ᠲᠠᠢ ᠪᠣᠯᠪᠠ | 1—4 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.0% ᠪᠠᠷ | ᠪᠠᠭᠤᠷᠠᠵᠤ᠂ ᠨᠢᠭᠡᠳᠦᠭᠡᠷ ᠤᠯᠠᠷᠢᠯ ᠤᠨ ᠬᠢ ᠠᠴᠠ 3.9 ᠵᠠᠭᠤᠨ ᠤ ᠨᠢᠭᠡᠴᠢ ᠲᠦᠷᠭᠡᠳᠴᠡᠢ᠃ ᠴᠠᠬᠢᠯᠭᠠᠨ ᠭᠠᠷᠭᠠᠭᠰᠠᠨ ᠬᠡᠮᠵᠢᠶ᠎ᠡ 2053 ᠲᠦᠮᠡᠨ ᠺᠢᠯᠣᠸᠠᠲ ᠤᠨ | ᠦᠶ᠎ᠡ ᠳᠤ᠂ ᠠᠳᠠᠯᠢ ᠬᠤᠭᠤᠴᠠᠭᠠᠨ ᠤ ᠬᠢ ᠠᠴᠠ 15.4% ᠪᠠᠷ ᠪᠠᠭᠤᠷᠠᠪᠠ︔ ᠴᠠᠭᠠᠨ ᠢᠳᠡᠭᠡᠨ ᠤ ᠭᠠᠷᠤᠯᠲᠠ 221 ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 612.9% ᠪᠠᠷ ᠨᠡᠮᠡᠭᠳᠡᠵᠡᠢ᠃ | ᠬᠤᠶᠠᠷ᠂ ᠪᠡᠯᠡ ᠣᠷᠣᠭᠤᠯᠤᠯᠲᠠ ᠰᠠᠶᠢᠨ ᠡᠬᠢᠯᠡᠯᠲᠡ ᠲᠠᠢ ᠪᠣᠯᠪᠠ | 1—4 ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 1.11 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 68.4% ᠪᠠᠷ ᠨᠡᠮᠡᠭᠳᠡᠵᠡᠢ᠃ ᠲᠣᠰ ᠵᠢᠯ ᠤᠨ 1︱ 4 ᠰᠠᠷ᠎ᠠ ᠳᠤ ᠪᠠᠷᠢᠯᠭ᠎ᠠ ᠶᠢᠨ ᠲᠥᠷᠥᠯ ᠵᠦᠢᠯ | 15 ᠪᠠᠶᠢᠵᠤ᠂ 500︱5000 ᠲᠦᠮᠡᠨ ᠲᠥᠭᠦᠷᠢᠭ ᠤᠨ ᠲᠥᠷᠥᠯ ᠵᠦᠢᠯ 14 ᠪᠠᠶᠢᠵᠤ᠂ ᠪᠥᠬᠦ ᠲᠥᠷᠥᠯ ᠵᠦᠢᠯ ᠤᠨ 93.3% ᠶᠢ ᠡᠵᠡᠯᠡᠵᠦ᠂ 5000 ᠲᠦᠮᠡᠨ | ᠲᠥᠭᠦᠷᠢᠭ ᠠᠴᠠ ᠳᠡᠭᠡᠭᠰᠢᠬᠢ ᠲᠥᠷᠥᠯ ᠵᠦᠢᠯ 1 ᠪᠠᠶᠢᠵᠤ᠂ 6.7% ᠶᠢ ᠡᠵᠡᠯᠡᠪᠡ᠃ | ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠰᠡᠷᠭᠦᠪᠡ | 1—4 ᠰᠠᠷ᠎ᠠ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 30450.7 ᠲᠦᠮᠡᠨ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠨ᠂ ᠲᠦᠷᠦᠭᠦᠸ ᠵᠢᠯ ᠤᠨ ᠠᠳᠠᠯᠢ ᠬᠤᠭᠤᠴᠠᠭᠠᠨ ᠤ ᠬᠢ ᠠᠴᠠ 3.9 ᠵᠠᠭᠤᠨ ᠤ ᠨᠢᠭᠡᠴᠢ | ᠲᠦᠷᠭᠡᠳᠴᠡᠢ᠃ | ᠳᠥᠷᠪᠡ᠂ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ ᠨᠡᠮᠡᠭᠳᠡᠯ ᠤᠨ ᠬᠡᠮᠵᠢᠶ᠎ᠡ ᠨᠡᠯᠢᠶᠡᠳ ᠥᠨᠳᠥᠷ | 1—4 ᠰᠠᠷ᠎ᠠ ᠳᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 2656 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 3.8% ᠪᠠᠷ ᠪᠠᠭᠤᠷᠠᠪᠠ᠂ ᠡᠭᠦᠨ ᠳᠤ᠂ ᠭᠠᠶᠢᠯᠢ ᠶᠢᠨ ᠣᠷᠣᠯᠭ᠎ᠠ ᠶᠢ 1518 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4. | 6% ᠪᠠᠷ ᠪᠠᠭᠤᠷᠠᠪᠠ︔ ᠭᠠᠶᠢᠯᠢ ᠶᠢᠨ ᠪᠤᠰᠤ ᠣᠷᠣᠯᠭ᠎ᠠ 1138 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.8% ᠪᠠᠷ | ᠪᠠᠭᠤᠷᠠᠪᠠ᠃ | ᠶᠡᠷᠦᠩᠬᠡᠢ ᠳᠤᠨᠢ ᠠᠪᠴᠤ ᠦᠵᠡᠪᠡᠯ᠂ ᠡᠯ᠎ᠡ ᠵᠦᠢᠯ ᠤᠨ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠮᠵᠢᠯᠴᠠᠨ ᠬᠦᠴᠦᠯᠡᠬᠦ ᠶᠢ ᠳᠠᠭᠠᠯᠳᠤᠨ᠂ ᠭᠤᠣᠯ ᠪᠣᠯᠬᠤ | ᠠᠵᠤ ᠠᠬᠤᠢ ᠶᠢᠨ ᠭᠦᠢᠴᠡᠳᠬᠡᠯ ᠲᠤᠭ᠎ᠠ ᠲᠣᠭᠲᠠᠭᠤᠨ ᠢᠶᠠᠷ ᠨᠡᠮᠡᠭᠳᠡᠵᠦ᠂ ᠪᠥᠬᠦ ᠬᠤᠰᠢᠭᠤᠨ ᠤ ᠠᠵᠤ ᠠᠬᠤᠢ ᠦᠷᠭᠦᠯᠵᠢᠯᠡᠨ ᠲᠣᠭᠲᠠᠭᠤᠨ ᠢᠶᠠᠷ ᠬᠥᠭᠵᠢᠬᠦ | ᠬᠠᠨᠳᠤᠰᠢ ᠪᠠᠨ ᠪᠠᠲᠤᠯᠠᠵᠤ ᠪᠠᠶᠢᠨ᠎ᠠ᠃ ᠭᠡᠪᠡᠴᠦ ᠪᠠᠰᠠ ᠭᠠᠳᠠᠭᠠᠳᠤ ᠲᠠᠯ᠎ᠠ ᠶᠢᠨ ᠲᠣᠭᠲᠠᠭᠤᠨ ᠪᠤᠰᠤ ᠲᠣᠭᠲᠠᠭᠠᠯᠲᠤ ᠪᠤᠰᠤ ᠬᠦᠴᠦᠨ ᠵᠦᠢᠯ ᠮᠥᠨ ᠯᠡ ᠨᠡᠯᠢᠶᠡᠳ | ᠤᠯᠠᠨ ᠪᠠᠶᠢᠵᠤ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠬᠦ ᠶᠠᠪᠤᠳᠠᠯ ᠮᠥᠨ ᠯᠡ ᠴᠥᠭᠡᠨ ᠪᠤᠰᠤ ᠬᠦᠴᠢᠷᠳᠡᠯ ᠪᠠ ᠥᠷᠢᠰᠦᠯᠳᠦᠭᠡᠨ ᠳᠤ ᠲᠤᠯᠭᠠᠷᠠᠵᠤ | ᠪᠠᠶᠢᠬᠤ ᠶᠢ ᠣᠯᠵᠤ ᠬᠠᠷᠠᠬᠤ ᠬᠡᠷᠡᠭᠲᠡᠢ᠃ ᠲᠠᠷᠠᠭᠠᠴᠢ ᠶᠢᠨ ᠱᠠᠲᠤᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ | ᠬᠦᠭ ᠠᠶᠠᠰ ᠢ ᠪᠠᠷᠢᠮᠲᠠᠯᠠᠵᠤ᠂ ᠪᠦᠬᠦ ᠵᠢᠯ ᠤᠨ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ | ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠬᠥᠪᠴᠢᠯᠡᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ | ᠯᠠᠪᠳᠠᠭᠤᠨ ᠢᠶᠠᠷ ᠠᠬᠢᠭᠤᠯᠵᠤ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ |