ᠢᠷᠭᠡᠨ ᠤ ᠬᠠᠤᠯᠢ ᠶᠢᠨ ᠪᠢᠴᠢᠭ ᠤᠨ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠬᠠᠷᠢᠶᠠᠲᠤ ᠣᠷᠣᠨ ᠤ ᠣᠯᠠᠨ ᠲᠦᠮᠡᠨ ᠤ | ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ 5 ᠰᠠᠷ᠎ᠠ ᠶᠢᠨ 29 ᠤ ᠡᠳᠦᠷ᠂ ᠰᠢᠨᠡᠪᠤᠯᠠᠭ ᠤᠨ ᠬᠠᠤᠯᠢ ᠴᠠᠭᠠᠵᠠ ᠶᠢᠨ ᠰᠠᠯᠪᠤᠷᠢ ᠭᠠᠵᠠᠷ | ᠲᠠᠪᠤᠳᠤᠭᠠᠷ ᠤᠳᠠᠭᠠᠨ ᠤ︽ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ ᠰᠠᠷ᠎ᠠ︾ ᠲᠠᠢ ᠤᠶᠠᠯᠳᠤᠭᠤᠯᠤᠨ ᠢᠷᠭᠡᠨ ᠤ ᠬᠠᠤᠯᠢ ᠶᠢᠨ ᠪᠢᠴᠢᠭ ᠤᠨ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠠᠵᠢᠯᠲᠠᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠲᠠᠬᠢ ᠠᠷᠠᠳ | ᠢᠷᠭᠡᠨ ᠤ ᠡᠳ᠋ ᠬᠥᠷᠥᠩᠭᠡ ᠶᠢᠨ ᠡᠷᠬᠡ᠂ ᠬᠥᠮᠥᠨ ᠤ ᠪᠡᠶ᠎ᠡ ᠶᠢᠨ ᠡᠷᠬᠡ ᠵᠡᠷᠭᠡ ᠶᠢᠨ ᠲᠤᠬᠠᠢ ᠲᠣᠭᠲᠠᠭᠠᠯ ᠢ ᠨᠠᠷᠢᠨ ᠲᠠᠶᠢᠯᠪᠤᠷᠢᠯᠠᠬᠤ ᠶᠢᠨ ᠬᠠᠮᠲᠤ ᠬᠠᠯᠠᠮᠰᠢᠯ | ᠠᠰᠠᠭᠤᠳᠠᠯ ᠲᠠᠢ ᠤᠶᠠᠯᠳᠤᠭᠤᠯᠤᠨ᠂ ᠡᠳ᠋ ᠬᠥᠷᠥᠩᠭᠡ ᠵᠠᠯᠭᠠᠮᠵᠢᠯᠠᠬᠤ᠂ ᠣᠷᠤᠭ ᠭᠡᠷ ᠪᠦᠯᠢ᠂ ᠡᠷᠬᠡ ᠳᠤ ᠬᠠᠯᠳᠠᠬᠤ ᠵᠡᠷᠭᠡ ᠲᠠᠯ᠎ᠠ ᠶᠢᠨ ᠠᠭᠤᠯᠭ᠎ᠠ ᠶᠢ ᠭᠤᠣᠯᠳᠠᠯᠭ᠎ᠠ ᠲᠠᠢ | ᠤᠬᠠᠭᠤᠯᠵᠤ᠂ ᠥᠷᠭᠡᠨ ᠣᠯᠠᠨ ᠲᠦᠮᠡᠨ ᠢ ᠬᠥᠲᠥᠯᠥᠨ ᠵᠢᠯᠤᠭᠤᠳᠴᠤ ᠬᠠᠤᠯᠢ ᠴᠠᠭᠠᠵᠠ ᠶᠢᠨ ᠵᠡᠪᠰᠡᠭ ᠢᠶᠠᠷ ᠭᠡᠷ ᠪᠦᠯᠢ ᠶᠢᠨ ᠡᠶ᠎ᠡ ᠵᠣᠬᠢᠴᠠᠯ ᠢ ᠬᠠᠮᠠᠭᠠᠯᠠᠵᠤ᠂ ᠬᠤᠪᠢ | ᠬᠥᠮᠥᠨ ᠤ ᠡᠷᠬᠡ ᠠᠰᠢᠭ ᠢᠶᠠᠨ ᠪᠠᠲᠤᠯᠠᠬᠤ ᠶᠢ ᠰᠤᠷᠭᠠᠵᠠᠢ᠃ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠨᠡᠶᠢᠲᠡ 30 ᠭᠠᠷᠤᠢ ᠬᠤᠪᠢ ᠮᠠᠲ᠋ᠧᠷᠢᠶᠠᠯ | ᠲᠠᠷᠬᠠᠭᠠᠵᠤ᠂ ᠬᠠᠤᠯᠢ ᠶᠢ ᠬᠦᠨᠳᠦᠳᠬᠡᠬᠦ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠠᠭᠤᠷ ᠠᠮᠢᠰᠬᠤᠯ ᠢ ᠪᠣᠶ ᠪᠣᠯᠭᠠᠪᠠ᠃ | ᠲᠠᠷᠠᠭᠠᠴᠢ ᠶᠢᠨ ᠠᠯᠬᠤᠮ ᠳᠤ᠂ ᠰᠢᠨᠡᠪᠤᠯᠠᠭ ᠤᠨ ᠬᠠᠤᠯᠢ ᠴᠠᠭᠠᠵᠠ ᠶᠢᠨ ᠰᠠᠯᠪᠤᠷᠢ ᠢᠷᠭᠡᠨ ᠤ ᠬᠠᠤᠯᠢ ᠶᠢᠨ ᠪᠢᠴᠢᠭ ᠢ ᠤᠬᠠᠭᠤᠯᠤᠨ ᠲᠦᠭᠡᠮᠡᠯᠵᠢᠭᠦᠯᠬᠦ | ᠬᠥᠮᠦᠵᠢᠯ ᠤᠨ ᠠᠵᠢᠯ ᠢ ᠦᠷᠭᠦᠯᠵᠢᠯᠡᠨ ᠪᠠᠶᠢᠩᠭᠤᠵᠢᠭᠤᠯᠤᠨ ᠥᠷᠨᠢᠭᠦᠯᠵᠦ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠭᠦᠨᠵᠡᠭᠡᠢ ᠪᠥᠭᠡᠳ ᠪᠣᠳᠠᠲᠠᠢ | ᠬᠢᠵᠦ᠂ ᠣᠯᠠᠨ ᠲᠦᠮᠡᠨ ᠳᠤ ᠬᠠᠮᠤᠭ ᠤᠨ ᠶᠡᠭᠡ ᠬᠡᠮᠵᠢᠶ᠎ᠡ ᠪᠠᠷ ᠴᠢᠨᠠᠷ ᠰᠠᠶᠢᠲᠠᠢ ᠪᠥᠭᠡᠳ ᠳᠥᠭᠦᠮ ᠳᠥᠲᠡ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠵᠤ᠂ ᠣᠯᠠᠨ | ᠲᠦᠮᠡᠨ ᠤ ᠬᠠᠤᠯᠢ ᠪᠠᠷ ᠵᠠᠰᠠᠬᠤ ᠬᠡᠪ ᠪᠣᠯᠪᠠᠰᠤᠷᠠᠯ ᠪᠠ ᠡᠷᠬᠡ ᠪᠠᠨ ᠬᠠᠮᠠᠭᠠᠯᠠᠬᠤ ᠤᠬᠠᠮᠰᠠᠷ ᠢ ᠦᠨᠡᠨ ᠬᠦ ᠳᠡᠭᠡᠭᠰᠢᠯᠡᠭᠦᠯᠦᠨ᠎ᠡ᠃ | | | | | | | |