6 ᠰᠠᠷ᠎ᠠ ᠶᠢᠨ 30 ᠤ ᠡᠳᠦᠷ ᠠᠴᠠ ᠡᠬᠢᠯᠡᠨ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠡᠮᠨᠡᠯᠭᠡ ᠳᠤ ᠰᠠᠭᠤᠬᠤ ᠤᠷᠢᠳᠴᠢᠯᠠᠨ | ᠲᠤᠰᠢᠶᠠᠬᠤ ᠮᠥᠩᠭᠦ ᠶᠢᠨ ᠲᠤᠭ᠎ᠠ ᠬᠡᠮᠵᠢᠶ᠎ᠡ ᠶᠢ ᠪᠠᠭᠤᠷᠠᠭᠤᠯᠤᠨ᠎ᠠ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 6 ᠰᠠᠯᠠᠭ᠎ᠠ ᠮᠥᠴᠢᠷ ᠬᠠᠮᠲᠤᠷᠠᠨ ︽ᠠᠯᠪᠠᠨ ᠠᠴᠠ ᠪᠠᠶᠢᠭᠤᠯᠤᠭᠰᠠᠨ | ᠡᠮᠴᠢᠯᠡᠭᠡᠨ ᠤ ᠪᠠᠶᠢᠭᠤᠯᠤᠮᠵᠢ ᠶᠢᠨ ᠤᠷᠢᠳᠴᠢᠯᠠᠨ ᠲᠤᠰᠢᠶᠠᠬᠤ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ | ᠲᠠᠷᠬᠠᠭᠠᠵᠤ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢ 2025 ᠣᠨ ᠤ 3 ᠰᠠᠷ᠎ᠠ ᠶᠢᠨ 31 ᠤ ᠡᠳᠦᠷ ᠠᠴᠠ ᠡᠬᠢᠯᠡᠨ ᠡᠭᠦᠳᠡᠨ | ᠡᠮᠨᠡᠯᠭᠡ ᠶᠢᠨ ᠤᠷᠢᠳᠴᠢᠯᠠᠨ ᠲᠤᠰᠢᠶᠠᠬᠤ ᠮᠥᠩᠭᠦ ᠬᠤᠷᠢᠶᠠᠬᠤ ᠶᠢ ᠪᠥᠬᠦ ᠲᠠᠯ᠎ᠠ ᠪᠠᠷ ᠵᠣᠭᠰᠣᠭᠠᠵᠤ᠂ 2025 ᠣᠨ ᠤ 6 ᠰᠠᠷ᠎ᠠ ᠶᠢᠨ 30 ᠤ ᠡᠳᠦᠷ ᠠᠴᠠ ᠡᠬᠢᠯᠡᠨ | ᠡᠮᠨᠡᠯᠭᠡ ᠳᠤ ᠰᠠᠭᠤᠬᠤ ᠤᠷᠢᠳᠴᠢᠯᠠᠨ ᠲᠤᠰᠢᠶᠠᠬᠤ ᠮᠥᠩᠭᠦ ᠶᠢᠨ ᠲᠤᠭ᠎ᠠ ᠬᠡᠮᠵᠢᠶ᠎ᠡ ᠶᠢ ᠪᠠᠭᠤᠷᠠᠭᠤᠯᠬᠤ ᠬᠡᠷᠡᠭᠲᠡᠶ ᠭᠡᠵᠦ ᠱᠠᠭᠠᠷᠳᠠᠪᠠ᠃ ᠮᠡᠳᠡᠭᠳᠡᠯ ᠳᠤ᠂ ᠠᠯᠪᠠᠨ ᠠᠴᠠ | ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠨᠢ ᠡᠮᠨᠡᠯᠭᠡ ᠳᠤ ᠰᠠᠭᠤᠭᠰᠠᠨ ᠡᠪᠡᠳᠴᠢᠲᠡᠨ ᠤ ᠠᠳᠠᠯᠢ ᠡᠪᠡᠳᠴᠢᠨ ᠤ ᠲᠥᠷᠥᠯ ᠤᠨ ᠡᠮᠦᠨ᠎ᠡ 3 ᠵᠢᠯ ᠤᠨ ᠪᠣᠳᠠᠲᠠᠶ | ᠡᠭᠦᠰᠦᠭᠰᠡᠨ ᠤᠳᠠᠭ᠎ᠠ ᠪᠦᠷᠢ ᠶᠢᠨ ᠡᠮᠨᠡᠯᠭᠡ ᠳᠤ ᠰᠠᠭᠤᠭᠰᠠᠨ ᠳᠤᠮᠳᠠᠴᠢ ᠵᠠᠷᠤᠳᠠᠯ ᠪᠠ ᠬᠤᠪᠢ ᠬᠥᠮᠦᠨ ᠤ ᠥᠪᠡᠰᠦᠪᠡᠨ ᠲᠤᠰᠢᠶᠠᠬᠤ ᠵᠠᠷᠤᠳᠠᠯ ᠢᠶᠠᠷ ᠯᠠᠪᠯᠠᠯᠲᠠ | ᠪᠣᠯᠭᠠᠵᠤ᠂ ᠡᠮᠨᠡᠯᠭᠡ ᠳᠤ ᠰᠠᠭᠤᠬᠤ ᠤᠷᠢᠳᠴᠢᠯᠠᠨ ᠲᠤᠰᠢᠶᠠᠬᠤ ᠮᠥᠩᠭᠦ ᠶᠢᠨ ᠲᠤᠭ᠎ᠠ ᠬᠡᠮᠵᠢᠶ᠎ᠡ ᠶᠢ ᠵᠣᠬᠢᠰᠲᠠᠶ ᠲᠣᠭᠲᠠᠭᠠᠵᠤ᠂ ᠡᠮᠴᠢᠯᠡᠭᠡᠨ ᠤ ᠳᠠᠭᠠᠳᠬᠠᠯ ᠤᠨ | ᠡᠪᠡᠳᠴᠢᠲᠡᠨ ᠤ ᠡᠮᠨᠡᠯᠭᠡ ᠳᠤ ᠰᠠᠭᠤᠬᠤ ᠤᠷᠢᠳᠴᠢᠯᠠᠨ ᠲᠤᠰᠢᠶᠠᠬᠤ ᠵᠣᠭᠤᠰ ᠤᠨ ᠲᠤᠭ᠎ᠠ ᠶᠢᠨ ᠬᠡᠮᠵᠢᠶ᠎ᠡ ᠶᠢ ᠠᠳᠠᠯᠢ ᠡᠪᠡᠳᠴᠢᠨ ᠤ ᠲᠥᠷᠥᠯ ᠤᠨ ᠠᠳᠠᠯᠢ | ᠪᠠᠲᠤᠯᠠᠭ᠎ᠠ ᠶᠢᠨ ᠲᠥᠷᠥᠯ ᠢᠯᠭᠠᠯ ᠤᠨ ᠬᠤᠪᠢ ᠬᠥᠮᠦᠨ ᠤ ᠥᠪᠡᠰᠦᠪᠡᠨ ᠲᠤᠰᠢᠶᠠᠬᠤ ᠳᠤᠮᠳᠠᠴᠢ ᠲᠦᠪᠰᠢᠨ ᠳᠤ ᠬᠦᠷᠲᠡᠯ᠎ᠡ ᠪᠠᠭᠤᠷᠠᠭᠤᠯᠬᠤ ᠬᠡᠷᠡᠭᠲᠡᠶ ᠭᠡᠵᠦ | ᠱᠠᠭᠠᠷᠳᠠᠵᠠᠢ᠃ |