ᠶᠠᠪᠠᠭᠠᠨ ᠬᠥᠮᠥᠨ ᠴᠤ ᠭᠡᠳ ᠵᠠᠮ ᠬᠠᠷᠢᠯᠴᠠᠭᠠᠨ ᠤ ᠳᠦᠷᠢᠮ ᠲᠣᠭᠲᠠᠭᠠᠯ ᠢ ᠵᠢᠷᠤᠮᠯᠠᠬᠤ ᠴᠢᠬᠤᠯᠠᠲᠠᠢ
ᠨᠡᠶᠢᠲᠡᠯᠡᠭᠰᠡᠨ ᠴᠠᠭ᠄
2025/5/30
          ᠡᠮᠦᠨ᠎ᠡ ᠬᠤᠶᠠᠷ ᠡᠳᠦᠷ ᠤᠨ ᠤᠴᠢᠷ ᠶᠤᠮᠰᠠᠨ᠃ ᠪᠢ ᠲᠡᠷᠭᠡ ᠪᠠᠨ ᠪᠠᠷᠢᠭᠠᠳ ᠵᠠᠮ ᠤᠨ ᠠᠭᠤᠯᠵᠠᠷ ᠲᠠᠬᠢ ᠲᠤᠭᠢᠶᠠᠨ ᠳ᠋ᠧᠩ ᠬᠦᠯᠢᠶᠡᠵᠦ᠂ ᠨᠣᠭᠤᠭᠠᠨ ᠳ᠋ᠧᠩ ᠭᠡᠷᠡᠯᠳᠦᠭᠦᠯᠡᠷ ᠲᠣᠰᠣ ᠪᠠᠨ ᠨᠡᠮᠡᠭᠡᠳ ᠳᠥᠩᠭᠡᠵᠢ ᠬᠥᠳᠡᠯᠲᠡᠯ᠎ᠡ ᠭᠡᠨᠡᠳᠲᠡ ᠨᠢᠭᠡ ᠢᠳᠡᠷ ᠨᠠᠰᠤᠨ ᠤ ᠡᠮᠡᠭᠲᠡᠢ ᠲᠡᠷᠭᠡᠨ ᠤ ᠡᠮᠦᠨᠡᠭᠦᠷ ᠭᠦᠶᠦᠵᠦ ᠭᠠᠷᠪᠠ᠂ ᠠᠶᠤᠵᠤ ᠰᠣᠴᠢᠭᠰᠠᠨ ᠭᠡᠭᠴᠢ᠃ ᠡᠨᠡ ᠲᠡᠷᠡ ᠶᠢ ᠬᠡᠯᠡᠵᠦ ᠵᠠᠪᠳᠤᠯ ᠦᠭᠡᠢ ᠪᠠᠷ ᠥᠨᠥᠬᠢ ᠡᠮᠡᠭᠲᠡᠢ ᠲᠡᠷᠭᠡᠨ ᠤ ᠡᠮᠦᠨ᠎ᠡ ᠵᠣᠭᠰᠣᠴᠢᠬᠠᠭᠰᠠᠨ᠄ ︽ᠶᠠᠭᠠᠬᠢᠵᠤ ᠲᠡᠷᠭᠡ ᠪᠠᠷᠢᠵᠤ ᠪᠠᠶᠢᠭ᠎ᠠ ᠨᠢ ᠡᠨᠡ ᠪᠤᠢ᠂ ᠵᠠᠰᠠᠮᠠᠯ ᠵᠠᠮ ᠢᠶᠠᠷ ᠶᠠᠪᠠᠭᠠᠨ ᠬᠥᠮᠥᠨ ᠬᠠᠷᠢᠴᠠᠯᠠᠰᠢᠭᠦᠢ ᠡᠷᠬᠡ ᠲᠠᠢ ᠭᠡᠳᠡᠭ ᠢ ᠮᠡᠳᠡᠬᠦ ᠦᠭᠡᠢ ᠤᠤ︖ ᠬᠥᠮᠥᠨ ᠢ ᠲᠠᠭᠠᠷᠢᠴᠢᠬᠠᠬᠰᠠᠨ ᠪᠣᠯ ᠶᠠᠭᠠᠬᠢᠨ᠎ᠠ︾ ᠬᠡᠮᠡᠨ ᠬᠠᠰᠬᠢᠷᠴᠤ᠂ ᠪᠥᠭᠡᠮ ᠤᠴᠢᠷ ᠪᠤᠯᠬᠤ ᠳᠥᠬᠦᠵᠦ ᠰᠠᠶ᠋ᠢ ᠰᠠᠯᠤᠭᠰᠠᠨ ᠶᠤᠮ᠃          ᠦᠨᠡᠨ ᠳᠡᠭᠡᠨ ᠲᠡᠷᠡ ᠡᠮᠡᠭᠲᠡᠢ ᠵᠠᠮ ᠤᠨ ᠤᠯᠠᠭᠠᠨ ᠳ᠋ᠧᠩ ᠢ ᠵᠥᠷᠢᠴᠡᠵᠦ ᠭᠠᠷᠤᠭᠰᠠᠨ ᠶᠠᠪᠤᠳᠠᠯ ᠯᠠ ᠳ᠋ᠠ᠃ ᠤᠴᠢᠷ ᠶᠠᠪᠤᠳᠠᠯ ᠶᠡᠬᠡᠰᠴᠦ ᠬᠡᠷᠡᠭᠦᠯ ᠴᠤᠤᠭᠢᠶᠠᠨ ᠪᠤᠯᠬᠤ ᠠᠴᠠ ᠰᠡᠷᠭᠡᠶᠢᠯᠡᠬᠦ ᠶᠢᠨ ᠲᠥᠯᠥᠭᠡ ᠲᠡᠷᠡ ᠡᠮᠡᠭᠲᠡᠢ ᠳᠤ ᠪᠠᠭ᠋ᠠᠨ ᠪᠤᠷᠤᠭᠤ ᠬᠦᠯᠢᠶᠡᠵᠦ ᠪᠠᠶᠢᠮᠠᠨ ᠤᠴᠢᠷ ᠶᠠᠪᠤᠳᠠᠯ ᠥᠩᠭᠡᠷᠡᠪᠡ᠃ ᠬᠡᠳᠦᠶᠢᠪᠡᠷ ᠵᠠᠰᠠᠮᠠᠯ ᠵᠠᠮ ᠢᠶᠠᠷ ᠶᠠᠪᠠᠭᠠᠨ ᠬᠥᠮᠥᠨ ᠬᠠᠷᠢᠴᠠᠯᠠᠰᠢᠭᠦᠢ ᠡᠷᠬᠡ ᠲᠠᠢ ᠪᠤᠯᠪᠠᠴᠦ ︽ᠪᠦᠭᠦᠳᠠ ᠨᠠᠶᠢᠷᠠᠮᠳᠠᠬᠤ ᠲᠤᠮᠳᠠᠲᠦ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠵᠢᠷᠠᠨ ᠨᠢᠭᠡ ᠠᠴᠠ ᠵᠢᠷᠠᠨ ᠭᠤᠷᠪᠠᠳᠤᠭᠠᠷ ᠵᠤᠷᠪᠤᠰ ᠲᠤ᠄ ᠶᠠᠪᠠᠭᠠᠨ ᠬᠥᠮᠥᠨ ᠵᠠᠮ ᠥᠩᠭᠡᠷᠡᠬᠦ ᠳᠡᠭᠡᠨ ᠡᠷᠬᠡᠪᠰᠢ ᠶᠠᠪᠠᠭᠠᠨ ᠬᠥᠮᠥᠨ ᠤ ᠵᠠᠮ ᠢᠶᠠᠷ ᠥᠩᠭᠡᠷᠡᠬᠦ ᠭᠡᠷᠡᠭᠳᠡᠢ; ᠶᠠᠪᠠᠭᠠᠨ ᠬᠥᠮᠥᠨ ᠵᠠᠮ ᠥᠩᠭᠡᠷᠡᠬᠦ ᠳᠡᠭᠡᠨ ᠡᠷᠬᠡᠪᠰᠢ ᠵᠠᠮ ᠤᠨ ᠲᠤᠭᠢᠶᠠᠨ ᠳ᠋ᠧᠩ ᠢᠶᠠᠷ ᠪᠠᠷᠢᠮᠵᠢᠶ᠎ᠠ ᠪᠤᠯᠭᠠᠬᠤ ᠭᠡᠷᠡᠭᠳᠡᠢ; ᠵᠠᠮ ᠤᠨ ᠲᠤᠭᠢᠶᠠᠨ ᠳ᠋ᠧᠩ ᠪᠤᠶᠤ ᠶᠠᠪᠠᠭᠠᠨ ᠬᠥᠮᠥᠨ ᠤ ᠵᠠᠮ ᠪᠠᠶᠢᠬᠤ ᠦᠭᠡᠢ ᠦᠶ᠎ᠡ ᠳᠤ ᠶᠠᠪᠠᠭᠠᠨ ᠬᠥᠮᠥᠨ ᠲᠡᠷᠭᠡ ᠮᠠᠰᠢᠨ ᠤ ᠪᠠᠶᠢᠳᠠᠯ ᠢ ᠨᠢᠭᠲᠠ ᠠᠩᠬᠠᠷᠴᠤ ᠪᠠᠶᠢᠭᠠᠳ ᠵᠠᠮ ᠭᠡᠲᠦᠯᠬᠦ ᠬᠡᠷᠡᠭᠲᠡᠢ ᠭᠡᠵᠦ ᠲᠣᠳᠣᠷᠬᠠᠢ ᠳᠤᠷᠠᠳᠴᠠᠢ᠃ ︽ᠪᠦᠭᠦᠳᠠ ᠨᠠᠶᠢᠷᠠᠮᠳᠠᠬᠤ ᠲᠤᠮᠳᠠᠲᠦ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠵᠢᠷᠠᠨ ᠵᠢᠷᠭᠤᠳᠤᠭᠠᠷ ᠵᠤᠷᠪᠤᠰ ᠲᠤ ᠵᠠᠰᠠᠮᠠᠯ ᠵᠠᠮ ᠳᠡᠭᠡᠷ᠎ᠡ ᠪᠣᠯᠤᠭᠰᠠᠨ ᠶᠠᠪᠠᠭᠠᠨ ᠬᠥᠮᠥᠨ ᠪᠤᠶᠤ ᠲᠡᠷᠭᠡ ᠮᠠᠰᠢᠨ ᠤ ᠬᠠᠷᠢᠭᠤᠴᠠᠯᠭ᠎ᠠ ᠲᠤᠯᠭᠠᠬᠤ ᠪᠠ ᠲᠥᠯᠥᠪᠦᠷᠢ ᠶᠢᠨ ᠲᠤᠬᠠᠢ ᠴᠤ ᠨᠠᠷᠢᠨ ᠵᠦᠢᠯᠡᠰ ᠠᠷᠪᠢᠨ ᠪᠤᠢ᠃ ᠵᠢᠱᠢᠶᠡᠯᠡᠪᠡᠯ᠄ ᠶᠠᠪᠠᠭᠠᠨ ᠬᠥᠮᠥᠨ ᠵᠠᠮ ᠬᠠᠷᠢᠯᠴᠠᠭᠠᠨ ᠤ ᠳᠦᠷᠢᠮ ᠲᠣᠭᠲᠠᠭᠠᠯ ᠢ ᠵᠥᠷᠢᠴᠡᠭᠡᠳ ᠡᠡ᠊ᠨᠳᠠᠯ ᠡᠭᠦᠰᠬᠦ ᠦᠶ᠎ᠡ ᠳᠤ ᠶᠠᠪᠠᠭᠠᠨ ᠬᠥᠮᠥᠨ ᠭᠤᠣᠯ ᠬᠠᠷᠢᠭᠤᠴᠠᠯᠭ᠎ᠠ ᠶᠢ ᠡᠭᠦᠷᠭᠡᠯᠡᠵᠦ᠂ ᠮᠠᠰᠢᠨ ᠲᠡᠷᠭᠡᠨ ᠤ ᠵᠢᠯᠣᠭᠤᠴᠢ ᠵᠣᠬᠢᠬᠤ ᠬᠡᠮᠵᠢᠶᠡᠨ ᠤ ᠬᠠᠷᠢᠭᠤᠴᠠᠯᠭ᠎ᠠ ᠶᠢ ᠡᠭᠦᠷᠭᠡᠯᠡᠨ᠎ᠡ ᠭᠡᠵᠦ ᠲᠣᠭᠲᠠᠭᠠᠵᠠᠢ᠃          ᠶᠡᠷᠦᠨᠢ ᠪᠢᠳᠠᠨ ᠤ ᠳᠡᠷᠭᠡᠳᠡ ᠵᠠᠮ ᠬᠠᠷᠢᠯᠴᠠᠭᠠᠨ ᠤ ᠳᠦᠷᠢᠮ ᠲᠣᠭᠲᠠᠭᠠᠯ ᠢ ᠵᠥᠷᠢᠴᠡᠵᠦ ᠪᠠᠶᠢᠭ᠎ᠠ ᠦᠵᠡᠭᠳᠡᠯ ᠬᠠ ᠶᠠ ᠦᠭᠡᠢ ᠦᠵᠡᠭᠳᠡᠳᠡᠭ᠃ ᠵᠢᠱᠢᠶᠡᠯᠡᠪᠡᠯ᠄ ᠡᠩ ᠤᠨ ᠳᠤᠭᠤᠢ ᠲᠡᠷᠭᠡ ᠪᠤᠶᠤ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠲᠤᠰᠬᠠᠢ ᠫᠠᠶᠢᠰᠠ ᠨᠣᠮᠧᠷ ᠬᠠᠳᠠᠬᠤ ᠴᠢᠬᠤᠯᠠ ᠦᠭᠡᠢ ᠮᠥᠷᠲᠡᠭᠡᠨ ᠵᠠᠮ ᠬᠠᠷᠢᠯᠴᠠᠭᠠᠨ ᠤ ᠬᠤᠪᠢ ᠪᠤᠳᠤᠬᠤ ᠦᠭᠡᠢ ᠪᠣᠯᠬᠤᠷ ᠵᠠᠰᠠᠮᠠᠯ ᠵᠠᠮ ᠢᠶᠠᠷ ᠳᠤᠷ᠎ᠠ ᠲᠠᠪᠠ ᠪᠠᠷ ᠢᠶᠠᠨ ᠲᠠᠪᠭᠢᠭᠤᠯᠬᠤ; ᠲᠦᠷᠭᠡᠨ ᠬᠦᠷᠭᠡᠭᠴᠢ ᠬᠤᠪᠢ ᠶᠢᠨ ᠠᠰᠢᠭ ᠲᠤᠰᠠ ᠪᠠᠨ ᠪᠤᠳᠤᠵᠤ ᠪᠤᠰᠤᠳ ᠤᠨ ᠵᠠᠬᠢᠶᠠᠯᠠᠭ᠎ᠠ ᠶᠢ ᠠᠯᠢ ᠲᠦᠷᠭᠡᠨ ᠢᠶᠠᠷ ᠬᠦᠷᠭᠡᠬᠦ  ᠶᠢᠨ ᠲᠤᠰᠠᠳᠠ ᠵᠠᠮ ᠬᠠᠷᠢᠯᠴᠠᠭᠠᠨ ᠤ ᠳᠦᠷᠢᠮ ᠲᠣᠭᠲᠠᠭᠠᠯ ᠢ ᠵᠦᠷᠢᠴᠡᠭᠦ;ᠴᠦᠭᠡᠨ ᠲᠣᠭᠠᠨ ᠤ ᠬᠡᠰᠡᠭ ᠬᠥᠮᠥᠰ ᠭᠡᠲᠦ ᠬᠤᠪᠢᠨᠴᠢᠷ ᠦᠵᠡᠯ ᠠᠴᠠ ᠪᠣᠯᠵᠤ ᠵᠠᠮ ᠬᠠᠷᠢᠯᠴᠠᠭᠠᠨ ᠤ ᠳᠦᠷᠢᠮ ᠲᠣᠭᠲᠠᠭᠠᠯ ᠢ ᠰᠠᠨᠠᠭᠠᠨ ᠳᠠᠭᠠᠨ ᠠᠪᠬᠤ ᠦᠭᠡᠢ ᠪᠤᠶᠤ ᠵᠠᠪᠰᠢᠶᠠᠨ ᠢ ᠳᠠᠯᠢᠮᠳᠠᠭᠤᠯᠤᠨ ᠵᠣᠷᠢᠭᠤᠳᠠ ᠲᠡᠷᠭᠡ ᠮᠠᠰᠢᠨ ᠤ ᠵᠢᠯᠣᠭᠤᠴᠢ ᠲᠠᠢ ᠵᠥᠷᠢᠴᠡᠯ ᠮᠦᠷᠭᠦᠯᠳᠦᠭᠡᠨ ᠡᠭᠦᠰᠬᠡᠬᠦ ᠭᠡᠬᠦ ᠮᠡᠲᠦ ᠶᠢᠨ ᠦᠵᠡᠭᠳᠡᠯ ᠢ ᠵᠠᠷᠢᠮ ᠦᠶ᠎ᠡ ᠳᠡᠭᠡᠨ ᠰᠡᠷᠭᠡᠶᠢᠯᠡᠬᠦ ᠶᠢᠨ ᠠᠷᠭ᠎ᠠ ᠦᠭᠡᠢ ᠪᠠᠶᠢᠳᠠᠭ ᠨᠢ ᠦᠨᠡᠨ᠃          ᠵᠠᠮ ᠬᠠᠷᠢᠯᠴᠠᠭᠠᠨ ᠤ ᠬᠠᠤᠯᠢ ᠳᠦᠷᠢᠮ ᠢ ᠵᠥᠷᠢᠴᠡᠬᠦ ᠦᠵᠡᠭᠳᠡᠯ ᠢ ᠲᠡᠪᠴᠢᠵᠦ᠂ ᠭᠠᠭᠴᠠᠬᠠᠨ ᠣᠯᠳᠠᠬᠤ ᠠᠮᠢ ᠨᠠᠰᠤ ᠪᠠᠨ ᠨᠠᠨᠳᠢᠩᠨᠠᠬᠤ ᠶᠢᠨ ᠲᠤᠰᠠᠳᠠ ᠶᠠᠪᠠᠭᠠᠨ ᠬᠥᠮᠥᠨ︽ᠶᠠᠪᠠᠭᠠᠨ ᠬᠥᠮᠥᠨ ᠵᠠᠰᠠᠮᠠᠯ ᠵᠠᠮ ᠤᠨ ᠬᠠᠷᠢᠴᠠᠯᠠᠰᠢᠭᠦᠢ ᠡᠷᠬᠡ ᠲᠠᠢ︾ ᠭᠡᠬᠦ ᠬᠡᠪᠰᠢᠮᠡᠯ ᠪᠤᠷᠤᠭᠤ ᠦᠵᠡᠯᠲᠡ ᠪᠠᠨ ᠬᠤᠪᠢᠷᠠᠭᠤᠯᠵᠤ᠂ ᠲᠡᠷᠭᠡᠨ ᠵᠢᠯᠣᠭᠤᠴᠢ ᠴᠤ ᠪᠤᠰᠤᠳ ᠲᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠪᠠ ᠥᠪᠡᠷ ᠤᠨ ᠪᠡᠶ᠎ᠡ ᠳᠡᠭᠡᠨ ᠬᠠᠷᠢᠭᠤᠴᠠᠬᠤ ᠣᠪᠣᠷ ᠢᠶᠠᠷ ᠵᠠᠮ ᠬᠠᠷᠢᠯᠴᠠᠭᠠᠨ ᠤ ᠬᠠᠤᠯᠢ ᠳᠦᠷᠢᠮ ᠢ ᠴᠢᠩᠭ᠎ᠠ ᠵᠢᠷᠤᠮᠯᠠᠬᠤ ᠠᠴᠠ ᠭᠠᠳᠠᠨ᠎ᠠ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠢ ᠶᠢᠨ ᠬᠢᠨ ᠬᠠᠤᠯᠢ ᠬᠡᠷᠡᠭᠵᠢᠭᠦᠯᠬᠦ ᠬᠦᠴᠦᠯᠡᠴᠡ ᠪᠠ ᠡᠡ᠊ᠡᠭ ᠤᠨ ᠦᠶ᠎ᠡ ᠶᠢᠨ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠳᠠᠶᠠᠭᠠᠷ ᠲᠤ ᠬᠥᠮᠥᠨ ᠪᠦᠭᠦᠨ ᠳᠦᠷᠢᠮ ᠲᠣᠭᠲᠠᠭᠠᠯ ᠢ ᠤᠬᠠᠮᠰᠠᠷ ᠠᠴᠠ  ᠪᠠᠨ ᠵᠢᠷᠤᠮᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠨᠢ ᠬᠡᠵᠢᠶ᠎ᠡ ᠴᠤ ᠭᠡᠰᠡᠨ ᠪᠠᠴᠢᠮ ᠱᠠᠭᠠᠷᠳᠠᠭᠳᠠᠵᠤ ᠪᠤᠢ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ