ᠮᠠᠰᠢᠨ ᠲᠡᠷᠭᠡ ᠵᠢᠯᠤᠭᠤᠳᠬᠤ ᠳᠠᠭᠠᠨ ᠠᠶᠤᠯ ᠦᠭᠡᠢ ᠪᠦᠰᠡ ᠪᠦᠰᠡᠯᠡᠬᠦ ︵ᠪᠤᠶᠤ ᠳᠤᠭᠤᠯᠠᠭ᠎ᠠ ᠵᠡᠭᠦᠬᠦ︶᠂ ᠬᠤᠷᠳᠤᠴᠠ ᠬᠡᠲᠦᠷᠡᠭᠦᠯᠬᠦ ᠦᠭᠡᠢ ᠪᠠᠶᠢᠬᠤ ᠶᠢ | ᠠᠩᠬᠠᠷᠴᠤ᠂ ᠠᠷᠢᠬᠢ ᠤᠤᠭᠤᠪᠠᠯ ᠮᠠᠰᠢᠨ ᠵᠢᠯᠤᠭᠤᠳᠬᠤ ᠦᠭᠡᠢ ᠪᠠᠶᠢᠬᠤ ᠨᠢ ᠵᠠᠮ ᠬᠠᠷᠢᠯᠴᠠᠭᠠᠨ ᠤ ᠰᠢᠷᠬᠠᠲᠤᠯ ᠭᠡᠮᠲᠦᠯ ᠢ ᠦᠨᠡᠨ ᠬᠦ ᠴᠥᠭᠡᠳᠬᠡᠵᠦ ᠳᠡᠶᠢᠯᠳᠡᠭ᠃ | ᠪᠦᠭᠦ ᠳᠡᠯᠡᠬᠡᠢ ᠶᠢᠨ ᠵᠢᠯ ᠪᠣᠯᠭᠠᠨ ᠤ ᠠᠶᠠᠨ ᠵᠠᠮ ᠳᠠᠭᠠᠨ ᠮᠠᠰᠢᠨ ᠲᠡᠷᠭᠡ ᠮᠥᠷᠭᠦᠯᠳᠦᠭᠰᠡᠨ ᠠᠴᠠ ᠪᠣᠯᠵᠤ ᠠᠮᠢ ᠪᠠᠨ ᠬᠤᠷᠣᠭᠠᠭᠰᠠᠨ ᠬᠥᠮᠥᠨ ᠤ ᠲᠤᠭ᠎ᠠ | ᠪᠠᠷᠤᠭ 120 ᠲᠦᠮᠡ ᠳᠤ ᠭᠦᠷᠳᠡᠭ᠃ ᠡᠨᠡ ᠨᠢ ᠪᠦᠭᠦ ᠳᠡᠯᠡᠬᠡᠢ ᠶᠢᠨ ᠦᠬᠦᠵᠦ ᠠᠳᠡᠭᠰᠡᠨ ᠬᠥᠮᠥᠨ ᠤ ᠶᠡᠷᠦᠩᠬᠡᠢ ᠲᠣᠭᠠᠨ ᠤ 2.1% ᠶᠢ ᠡᠵᠡᠯᠡᠵᠦ ᠪᠤᠢ᠃ ᠡᠭᠦᠨ | ᠠᠴᠠ ᠭᠠᠳᠠᠨ᠎ᠠ ᠪᠠᠰᠠ ᠬᠡᠳᠦᠨ ᠵᠠᠭᠤᠨ ᠲᠦᠮᠡᠨ ᠬᠥᠮᠥᠨ ᠵᠠᠮ ᠬᠠᠷᠢᠯᠴᠠᠭᠠᠨ ᠤ ᠠᠳᠡᠯ ᠠᠴᠠ ᠪᠣᠯᠵᠤ ᠰᠢᠷᠠᠭᠲᠤᠨ ᠭᠡᠮᠲᠦᠳᠡᠭ᠂ ᠵᠠᠮ ᠬᠠᠷᠢᠯᠴᠠᠭᠠᠨ ᠤ ᠠᠳᠡᠯ ᠠᠴᠠ | ᠪᠣᠯᠤᠭᠰᠠᠨ ᠰᠢᠷᠬᠠᠲᠤᠯ ᠭᠡᠮᠲᠦᠯ ᠨᠢ 5 - 25 ᠨᠠᠰᠤᠨ ᠤ ᠬᠤᠭᠤᠷᠤᠨᠳᠤᠭᠢ ᠬᠥᠮᠥᠰ ᠤᠨ ᠦᠬᠦᠵᠦ ᠰᠦᠢᠳᠬᠦ ᠠᠶᠤᠯ ᠤᠨ ᠬᠤᠶᠠᠳᠤᠭᠠᠷ ᠶᠡᠭᠡ ᠰᠢᠯᠲᠠᠭᠠᠨ | ᠪᠣᠯᠣᠭᠠᠳ ᠪᠠᠶᠢᠨ᠎ᠠ᠃ | ᠵᠠᠮ ᠬᠠᠷᠢᠯᠴᠠᠭᠠᠨ ᠤ ᠠᠳᠡᠯ ᠠᠴᠠ ᠮᠤᠯᠲᠤᠷᠠᠨ ᠵᠠᠶᠢᠯᠠᠵᠤ ᠪᠤᠯᠳᠠᠭ᠃ ᠮᠠᠰᠢ ᠤᠯᠠᠨ ᠤᠯᠤᠰ ᠤᠨ ᠬᠢᠨ ᠵᠠᠩᠭᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ | ᠪᠠᠷ ᠲᠠᠮᠵᠢᠨ ᠠᠳᠡᠯ ᠭᠠᠷᠬᠤ ᠲᠤᠭ᠎ᠠ ᠬᠡᠮᠵᠢᠶ᠎ᠡ᠂ ᠳᠠᠪᠲᠠᠮᠵᠢ ᠪᠣᠯᠣᠨ ᠬᠦᠨᠳᠦ ᠨᠣᠴᠢᠲᠠᠢ ᠴᠢᠨᠠᠷ ᠢ ᠮᠡᠳᠡᠭᠳᠡᠬᠦᠶᠢᠴᠡ ᠪᠠᠭᠤᠷᠠᠭᠤᠯᠤᠭᠰᠠᠨ ᠪᠠᠶᠢᠳᠠᠭ᠃ ᠬᠠᠮᠢᠶ᠎ᠠ ᠪᠦᠬᠦᠢ | ᠮᠠᠲ᠋ᠧᠷᠢᠶᠠᠯ ᠳᠤ ᠲᠣᠳᠣᠷᠬᠠᠶᠢᠯᠠᠭᠰᠠᠨ ᠢ ᠦᠨᠳᠦᠰᠦᠯᠡᠪᠡᠯ᠂ ᠮᠠᠰᠢᠨ ᠲᠡᠷᠭᠡ ᠵᠢᠯᠤᠭᠤᠳᠬᠤ ᠪᠤᠶᠤ ᠮᠠᠰᠢᠨ ᠲᠡᠷᠭᠡᠨ ᠳᠤ ᠰᠠᠭᠤᠬᠤ ᠳᠠᠭᠠᠨ ᠠᠶᠤᠯ ᠦᠭᠡᠢ ᠪᠦᠰᠡ ᠶᠢ | ᠪᠦᠰᠡᠯᠡᠪᠡᠯ ᠰᠢᠷᠬᠠᠲᠤᠵᠤ ᠭᠡᠮᠲᠦᠬᠦ ᠠᠶᠤᠯ ᠢ 4% -5% ᠪᠠᠷ ᠪᠠᠭᠤᠷᠠᠭᠤᠯᠵᠤ ᠪᠤᠯᠬᠤ ᠪᠥᠭᠡᠳ ᠦᠬᠦᠵᠦ ᠰᠦᠢᠳᠬᠦ ᠠᠶᠤᠯ ᠢ 4% - 6% ᠪᠠᠷ | ᠴᠥᠭᠡᠳᠬᠡᠵᠦ ᠳᠡᠶᠢᠯᠳᠡᠭ᠃ | ᠳᠤᠭᠤᠯᠠᠭ᠎ᠠ ᠵᠡᠭᠦᠬᠦ ᠨᠢ ᠤᠨᠤᠵᠤ ᠪᠠᠶᠢᠬᠤ ᠮᠣᠲ᠋ᠣᠷ ᠬᠢᠭᠡᠳ ᠳᠤᠭᠤᠢ ᠲᠡᠷᠭᠡ ᠮᠥᠷᠭᠦᠯᠳᠦᠵᠦ ᠲᠣᠯᠣᠭᠠᠢ ᠶᠢᠨ ᠬᠡᠰᠡᠭ ᠰᠢᠷᠬᠠᠲᠤᠵᠤ ᠭᠡᠮᠲᠦᠬᠦ ᠶᠢ | ᠴᠥᠭᠡᠳᠬᠡᠵᠦ ᠪᠤᠯᠬᠤ ᠬᠠᠮᠤᠭ ᠪᠦᠳᠤᠮᠵᠢᠳᠡᠢ ᠠᠷᠭ᠎ᠠ ᠭᠡᠯᠪᠡᠷᠢ ᠪᠣᠯᠣᠨ᠎ᠠ᠃ ᠮᠣᠲ᠋ᠣᠷ ᠤᠨᠤᠬᠤ ᠳᠤ ᠳᠤᠭᠤᠯᠠᠭ᠎ᠠ ᠵᠡᠭᠦᠪᠡᠯ ᠲᠣᠯᠣᠭᠠᠢ ᠶᠢᠨ ᠬᠡᠰᠡᠭ ᠲᠤ ᠰᠢᠷᠬᠠᠲᠤᠯ | ᠭᠡᠮᠲᠦᠯ ᠭᠠᠷᠬᠤ ᠪᠠ ᠲᠡᠭᠦᠨ ᠠᠴᠠ ᠪᠣᠯᠵᠤ ᠬᠦᠨᠳᠦ ᠬᠡᠴᠡᠭᠦᠦ ᠪᠠᠶᠢᠳᠠᠯ ᠡᠭᠦᠰᠬᠦ ᠶᠢ ᠪᠠᠷᠤᠭ 70% ᠪᠠᠷ ᠴᠥᠭᠡᠳᠬᠡᠵᠦ ᠳᠡᠶᠢᠯᠳᠡᠭ ᠪᠥᠭᠡᠳ ᠦᠬᠦᠵᠦ ᠰᠦᠢᠳᠬᠦ | ᠠᠶᠤᠯ ᠢ 39% ᠪᠠᠷ ᠪᠠᠭᠤᠷᠠᠭᠤᠯᠵᠤ ᠪᠤᠯᠳᠠᠭ᠃ | ᠭᠡᠳᠤ ᠬᠤᠷᠳᠤᠴᠠ ᠪᠠᠷ ᠮᠠᠰᠢᠨ ᠲᠡᠷᠭᠡ ᠵᠢᠯᠤᠭᠤᠳᠬᠤ ᠪᠣᠯ ᠵᠠᠮ ᠬᠠᠷᠢᠯᠴᠠᠭᠠᠨ ᠤ ᠰᠢᠷᠬᠠᠲᠤᠯ ᠭᠡᠮᠲᠦᠯ ᠭᠠᠷᠴᠤ ᠪᠠᠶᠢᠬᠤ ᠶᠢᠨ ᠭᠤᠣᠯ ᠰᠢᠯᠲᠠᠭᠠᠨ | ᠪᠣᠯᠣᠨ᠎ᠠ᠃ ᠪᠣᠳᠠᠲᠤ ᠪᠠᠶᠢᠳᠠᠯ ᠭᠡᠷᠡᠴᠢᠯᠡᠭᠰᠡᠨ ᠨᠢ᠂ ᠮᠠᠰᠢᠨ ᠲᠡᠷᠭᠡᠨ ᠤ ᠳᠠᠪᠬᠢᠬᠤ ᠬᠤᠷᠳᠤᠴᠠ ᠶᠢ ᠲᠡᠭᠰᠢᠳᠬᠡᠭᠡᠳ ᠴᠠᠭ ᠪᠦᠷᠢ ᠳᠤ 1 ᠺᠢᠯᠣᠮᠧᠲᠷ | ᠤᠳᠠᠭᠠᠰᠢᠷᠠᠭᠤᠯᠪᠠᠯ ᠮᠠᠰᠢᠨ ᠲᠡᠷᠭᠡᠨ ᠠᠴᠠ ᠪᠤᠯᠬᠤ ᠦᠬᠦᠯ ᠤᠨ ᠠᠶᠤᠯ ᠢ 4% - 5% ᠪᠠᠷ ᠴᠥᠭᠡᠳᠬᠡᠵᠦ ᠪᠤᠯᠳᠠᠭ᠃ ᠮᠠᠰᠢᠨ ᠲᠡᠷᠭᠡᠨ ᠤ ᠳᠠᠪᠬᠢᠬᠤ | ᠬᠤᠷᠳᠤᠴᠠ ᠶᠢ ᠤᠳᠠᠭᠠᠰᠢᠷᠠᠭᠤᠯᠪᠠᠯ ᠶᠠᠪᠠᠭᠠᠨ ᠬᠥᠮᠥᠨ ᠢ ᠪᠠᠰᠠ ᠠᠶᠤᠯ ᠠᠴᠠ ᠬᠡᠯᠲᠦᠷᠢᠭᠦᠯᠵᠦ ᠪᠤᠯᠳᠠᠭ᠃ ᠲᠡᠶᠢᠮᠤ ᠪᠣᠯᠬᠤᠷ ᠮᠠᠰᠢᠨ ᠲᠡᠷᠭᠡᠨ ᠤ ᠵᠢᠯᠣᠭᠤᠴᠢᠳ | ᠡᠷᠬᠡᠪᠰᠢ ᠮᠠᠰᠢᠨ ᠲᠡᠷᠭᠡᠨ ᠤ ᠳᠠᠪᠬᠢᠬᠤ ᠬᠤᠷᠳᠤᠴᠠ ᠶᠢ ᠬᠢᠵᠠᠭᠠᠷᠯᠠᠬᠤ ᠳᠦᠷᠢᠮ ᠢ ᠴᠢᠩᠭ᠎ᠠ ᠵᠢᠷᠤᠮᠯᠠᠨ ᠲᠠᠭᠠᠬᠤ ᠬᠡᠷᠡᠭᠲᠡᠢ᠃ | ᠠᠷᠢᠬᠢ ᠤᠤᠭᠤᠭᠰᠠᠨ ᠪᠠᠶᠢᠳᠠᠯ ᠳᠣᠣᠷ᠎ᠠ ᠠᠳᠡᠯ ᠭᠠᠷᠬᠤ ᠪᠣᠯᠣᠮᠵᠢ ᠣᠯᠠᠰᠢᠷᠠᠬᠤ ᠪᠥᠭᠡᠳ ᠰᠢᠷᠬᠠᠲᠤᠯ ᠭᠡᠮᠲᠦᠯ ᠢ ᠬᠦᠨᠳᠦᠷᠡᠭᠦᠯᠬᠦ ᠨᠢ ᠶᠠᠷᠢᠶᠠᠨ ᠦᠭᠡᠢ᠂ | ᠠᠷᠢᠬᠢ ᠤᠤᠭᠤᠭᠠᠳ ᠮᠠᠰᠢᠨ ᠲᠡᠷᠭᠡ ᠵᠢᠯᠣᠭᠤᠳᠤᠭᠰᠠᠨ ᠵᠢᠯᠣᠭᠤᠴᠢ ᠶᠢᠨ ᠠᠮᠢᠨ ᠳᠤ ᠲᠤᠯᠤᠭᠰᠠᠨ ᠠᠶᠤᠯ ᠪᠦᠬᠦᠢ ᠲᠡᠷᠭᠡᠨ ᠠᠳᠡᠯ ᠭᠠᠷᠭᠠᠬᠤ ᠨᠢ ᠰᠫᠢᠷᠲ ᠤᠨ | ᠬᠤᠣᠷ ᠨᠥᠯᠥᠭᠡ ᠶᠢ ᠦᠯᠤ ᠭᠥᠷᠳᠡᠭᠰᠡᠨ ᠵᠢᠯᠣᠭᠤᠴᠢ ᠶᠢᠨ ᠲᠡᠷᠭᠡᠨ ᠠᠳᠡᠯ ᠭᠠᠷᠭᠠᠭᠰᠠᠨ ᠤ 17 ᠲᠠᠭᠢᠨ ᠪᠠᠶᠢᠳᠠᠭ᠃ | ᠬᠤᠯᠠ ᠵᠠᠮ ᠮᠠᠰᠢᠨ ᠲᠡᠷᠭᠡ ᠵᠢᠯᠣᠭᠤᠳᠤᠨ ᠠᠶᠠᠨ ᠬᠥᠭᠡᠭᠡᠬᠦ᠂ ᠵᠠᠮ ᠳᠠᠭᠠᠤ ᠡᠯᠦᠢ ᠬᠤᠯᠤᠢ ᠪᠠᠶᠢᠳᠠᠯ ᠲᠠᠢ ᠪᠠᠶᠢᠬᠤ᠂ ᠵᠠᠮ ᠤᠨ ᠪᠠᠶᠢᠴᠠ ᠶᠢ ᠰᠠᠶᠢᠨ | ᠮᠡᠳᠡᠬᠦ ᠦᠭᠡᠢ᠂ ᠠᠭᠤᠷ ᠠᠮᠢᠰᠬᠤᠯ ᠤᠨ ᠪᠠᠶᠢᠳᠠᠯ ᠮᠠᠭᠤ ᠪᠠᠶᠢᠬᠤ᠂ ᠨᠢᠭᠡ ᠡᠳᠦᠷ ᠤᠨ ᠤᠨᠲᠠᠭᠰᠠᠨ ᠴᠠᠭ ᠨᠢ 5 ᠴᠠᠭ ᠲᠤ ᠭᠦᠷᠤᠭᠡ ᠦᠭᠡᠢ᠂ ᠶᠡᠷᠦᠳᠡ ᠶᠢᠨ ᠤᠨᠲᠠᠬᠤ | ᠶᠣᠰᠣᠲᠠᠢ ᠴᠠᠭ ᠲᠤ ᠮᠠᠰᠢᠨ ᠲᠡᠷᠭᠡ ᠵᠢᠯᠤᠭᠤᠳᠬᠤ ᠵᠡᠷᠭᠡ ᠲᠣᠬᠢᠶᠠᠯᠳᠤᠯ ᠳᠤ ᠵᠢᠯᠣᠭᠤᠴᠢ ᠶᠢᠨ ᠪᠡᠶ᠎ᠡ ᠳᠤ ᠭᠢᠯᠪᠠᠷᠬᠠᠨ ᠢᠶᠠᠷ ᠶᠠᠳᠠᠷᠠᠵᠤ ᠵᠦᠳᠡᠷᠡᠭᠰᠡᠨ ᠪᠠᠶᠢᠳᠠᠯ | ᠢᠯᠡᠷᠡᠳᠡᠭ᠂ ᠡᠶᠢᠮᠦ ᠶᠠᠳᠠᠷᠠᠵᠤ ᠵᠦᠳᠡᠷᠡᠭᠰᠡᠨ ᠪᠠᠶᠢᠳᠠᠯ ᠳᠤ ᠮᠠᠰᠢᠨ ᠲᠡᠷᠭᠡ ᠵᠢᠯᠣᠭᠤᠳᠪᠠᠯ ᠲᠡᠷᠭᠡᠨ ᠠᠳᠡᠯ ᠯᠠᠪ ᠭᠠᠷᠤᠨ᠎ᠠ᠃ ᠵᠢᠯᠣᠭᠤᠴᠢ ᠪᠣᠯᠣᠭᠰᠠᠳ ᠮᠠᠰᠢᠨ ᠲᠡᠷᠭᠡ | ᠪᠠᠨ ᠦᠷᠭᠦᠯᠵᠢᠯᠡᠭᠦᠯᠤᠨ 4 ᠴᠠᠭ ᠵᠢᠯᠣᠭᠤᠳᠤᠭᠰᠠᠨ ᠤ ᠲᠠᠷᠠᠭ᠎ᠠ ᠲᠡᠷᠭᠡ ᠪᠠᠨ ᠵᠣᠭᠰᠣᠭᠠᠵᠤ᠂ ᠪᠡᠶ᠎ᠡ ᠮᠠᠬᠠᠪᠤᠳ ᠪᠠ ᠰᠡᠳᠬᠢᠯ ᠰᠠᠨᠠᠭ᠎ᠠ ᠪᠠᠨ ᠰᠡᠷᠭᠦᠭᠡᠨ ᠠᠮᠠᠷᠠᠭᠠᠬᠤ | ᠬᠡᠷᠡᠭᠲᠡᠢ᠃ | ᠬᠡᠦᠬᠡᠳ ᠲᠤ ᠵᠣᠷᠢᠭᠤᠯᠤᠭᠰᠠᠨ ᠰᠡᠷᠭᠡᠶᠢᠯᠡᠨ ᠬᠠᠮᠠᠭᠠᠯᠠᠯᠲᠠ ᠪᠦᠬᠦᠢ ᠳᠤᠨᠤᠭ ᠲᠥᠬᠦᠭᠡᠷᠦᠮᠵᠢ᠂ ᠲᠤᠬᠠᠶᠢᠯᠠᠪᠠᠯ ᠨᠢᠯᠬ᠎ᠠ ᠬᠡᠦᠬᠡᠳ ᠪᠠ ᠥᠭᠡᠯᠡᠢ ᠬᠡᠦᠬᠡᠳ | ᠲᠤ ᠵᠣᠷᠢᠭᠤᠯᠤᠭᠰᠠᠨ ᠰᠠᠭᠤᠳᠠᠯ ᠨᠢ ᠵᠠᠮ ᠬᠠᠷᠢᠯᠴᠠᠭᠠᠨ ᠤ ᠠᠳᠡᠯ ᠭᠠᠷᠬᠤ ᠦᠶᠡᠰ ᠨᠢᠯᠬ᠎ᠠ ᠬᠡᠦᠬᠡᠳ ᠪᠠ ᠥᠭᠡᠯᠡᠢ ᠬᠡᠦᠬᠡᠳ ᠲᠤ ᠪᠦᠳᠤᠮᠵᠢᠳᠡᠢ ᠬᠠᠮᠠᠭᠠᠯᠠᠬᠤ | ᠦᠢᠯᠡᠳᠦᠯ ᠦᠵᠡᠭᠦᠯᠳᠡᠭ᠃ ᠮᠠᠰᠢᠨ ᠲᠡᠷᠭᠡ ᠮᠥᠷᠭᠦᠯᠳᠦᠬᠦ ᠦᠶᠡᠰ ᠲᠤ ᠬᠡᠦᠬᠡᠳ ᠲᠤ ᠵᠣᠷᠢᠭᠤᠯᠤᠭᠰᠠᠨ ᠰᠡᠷᠭᠡᠶᠢᠯᠡᠨ ᠬᠠᠮᠠᠭᠠᠯᠠᠯᠲᠠ ᠶᠢᠨ ᠳᠤᠨᠤᠭ ᠲᠥᠬᠦᠭᠡᠷᠦᠮᠵᠢ | ᠨᠢ 71% ᠶᠢᠨ ᠨᠢᠯᠬ᠎ᠠ ᠬᠡᠦᠬᠡᠳ᠂ 54% ᠶᠢᠨ ᠥᠭᠡᠯᠡᠢ ᠬᠡᠦᠬᠡᠳ ᠤᠨ ᠦᠬᠦᠵᠦ ᠰᠦᠢᠳᠬᠦ ᠠᠶᠤᠯ ᠢ ᠪᠠᠭᠠᠰᠬᠠᠳᠠᠭ ᠪᠠᠶᠢᠨ᠎ᠠ᠃ ᠲᠡᠶᠢᠮᠤ ᠪᠣᠯᠬᠤᠷ ᠮᠠᠰᠢᠨ | ᠲᠡᠷᠭᠡᠨ ᠤ ᠳᠣᠲᠣᠷ᠎ᠠ ᠬᠡᠦᠬᠡᠳ ᠲᠤ ᠵᠣᠷᠢᠭᠤᠯᠤᠭᠰᠠᠨ ᠰᠡᠷᠭᠡᠶᠢᠯᠡᠨ ᠬᠠᠮᠠᠭᠠᠯᠠᠯᠲᠠ ᠶᠢᠨ ᠳᠤᠨᠤᠭ ᠲᠥᠬᠦᠭᠡᠷᠦᠮᠵᠢ ᠶᠢ ᠤᠭᠰᠠᠷᠠᠨ ᠲᠠᠭᠠᠷᠠᠭᠤᠯᠪᠠᠯ ᠵᠣᠬᠢᠨ᠎ᠠ᠃ | ᠶᠠᠪᠠᠭᠠᠨ ᠬᠥᠮᠥᠨ ᠪᠠ ᠮᠠᠰᠢᠨ ᠬᠥᠳᠡᠯᠭᠡᠭᠦᠷ ᠦᠭᠡᠢ ᠲᠡᠷᠭᠡᠨ ᠤ ᠵᠢᠯᠣᠭᠤᠴᠢ ᠴᠤ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠤᠬᠠᠮᠰᠠᠷ ᠠᠴᠠ ᠪᠠᠨ | ᠰᠠᠬᠢᠨ ᠵᠢᠷᠤᠮᠯᠠᠬᠤ ᠬᠡᠷᠡᠭᠲᠡᠢ᠃ ᠵᠠᠮ ᠣᠭᠲᠣᠯᠵᠤ ᠭᠠᠷᠬᠤ ᠳᠠᠭᠠᠨ ᠵᠠᠪᠠᠯ ᠬᠥᠨᠳᠡᠯᠡᠨ ᠵᠢᠷᠤᠭᠠᠰᠤ ᠲᠠᠢ ᠭᠠᠵᠠᠷ ᠢᠶᠠᠷ ᠶᠠᠪᠤᠵᠤ᠂ᠭᠠᠷ ᠤᠲᠠᠰᠤ ᠪᠠᠨ ᠦᠵᠡᠬᠦ ᠪᠤᠶᠤ | ᠰᠣᠨᠣᠰᠤᠭᠤᠷ ᠢᠶᠠᠷ ᠶᠠᠭᠤᠮ᠎ᠠ ᠰᠣᠨᠣᠰᠴᠤ ᠠᠩᠬᠠᠷᠤᠯ ᠲᠥᠪᠯᠡᠷᠡᠬᠦ ᠦᠭᠡᠢ ᠪᠠᠶᠢᠳᠠᠯ ᠭᠠᠷᠬᠤ ᠠᠴᠠ ᠬᠡᠷᠰᠡᠦᠯᠡᠬᠦ ᠬᠡᠷᠡᠭᠲᠡᠢ᠃ ᠪᠠᠭ᠎ᠠ ᠰᠤᠷᠭᠠᠭᠤᠯᠢ ᠶᠢᠨ ᠰᠤᠷᠤᠬᠴᠢᠳ | ᠪᠣᠯᠣᠨ ᠴᠡᠪᠡᠷᠯᠡᠭᠡ ᠶᠢᠨ ᠠᠵᠢᠯᠴᠢᠳ ᠭᠡᠷᠡᠯ ᠣᠶᠢᠯᠭᠠᠬᠤ ᠴᠢᠨᠠᠷᠲᠠᠢ ᠪᠤᠶᠤ ᠥᠩᠭᠡ ᠪᠤᠳᠤᠭ ᠨᠢ ᠭᠡᠷᠡᠯ ᠭᠢᠯᠪᠠᠭ᠎ᠠ ᠲᠠᠢ ᠬᠤᠪᠴᠠᠰᠤ ᠡᠮᠦᠰᠬᠦ ᠪᠤᠶᠤ ᠫᠠᠶᠢᠰᠠ ᠲᠡᠮᠳᠡᠭ | ᠵᠡᠭᠦᠬᠦ ᠬᠡᠷᠡᠭᠲᠡᠢ᠃ ᠲᠤᠬᠠᠶᠢᠯᠠᠪᠠᠯ᠂ ᠪᠠᠭ᠎ᠠ ᠰᠤᠷᠭᠠᠭᠤᠯᠢ ᠶᠢᠨ ᠰᠤᠷᠤᠬᠴᠢᠳ ᠰᠢᠷ᠎ᠠ ᠮᠠᠯᠠᠭᠠᠢ ᠵᠡᠭᠦᠵᠡᠭᠡᠬᠦ ᠨᠢ ᠮᠠᠰᠢᠨ ᠲᠡᠷᠭᠡᠨ ᠤ ᠵᠢᠯᠣᠭᠤᠴᠢ ᠳᠤ ᠨᠡᠩ ᠢᠯᠠ | ᠲᠣᠳᠣᠷᠬᠠᠢ ᠬᠠᠷᠠᠭᠳᠠᠳᠠᠭ ᠪᠣᠯᠬᠤᠷ ᠡᠭᠦᠨ ᠤ ᠤᠯᠠᠮ ᠢᠶᠠᠷ ᠥᠪᠡᠷ ᠤᠨ ᠪᠡᠶ᠎ᠡ ᠪᠠᠨ ᠬᠠᠮᠠᠭᠠᠯᠠᠬᠤ ᠦᠢᠯᠡᠳᠦᠯ ᠭᠠᠷᠭᠠᠵᠤ ᠪᠠᠶᠢᠳᠠᠭ᠃ | ᠵᠠᠮ ᠬᠠᠷᠢᠯᠴᠠᠭᠠᠨ ᠤ ᠠᠳᠡᠯ ᠳᠤᠮᠳᠠ ᠦᠬᠦᠭᠰᠡᠨ᠂ ᠰᠢᠷᠬᠠᠲᠤᠭᠰᠠᠨ ᠪᠠ ᠵᠡᠮᠳᠡᠭ ᠪᠣᠯᠤᠭᠰᠠᠨ ᠭᠤᠣᠯ ᠪᠣᠯᠬᠤᠶᠢᠴᠠ ᠬᠥᠮᠥᠰ ᠨᠢ ᠬᠡᠦᠬᠡᠳ᠂ ᠵᠠᠯᠠᠭᠤᠴᠤᠳ | ᠪᠠᠭᠠᠴᠤᠳ ᠪᠠᠶᠢᠳᠠᠭ᠃ ᠭᠡᠬᠦ ᠳᠡᠭᠡᠨ ᠲᠡᠳᠡᠨ ᠤ ᠳᠣᠲᠣᠷ᠎ᠠ ᠶᠠᠪᠠᠭᠠᠨ ᠶᠠᠪᠤᠭᠴᠢ᠂ ᠳᠤᠭᠤᠢ ᠤᠨᠤᠬᠴᠢ᠂ ᠮᠣᠲ᠋ᠣᠷ ᠤᠨᠤᠬᠴᠢ᠂ ᠮᠠᠰᠢᠨ ᠲᠡᠷᠭᠡᠨ ᠤ ᠰᠢᠨ᠎ᠡ ᠵᠢᠯᠣᠭᠤᠴᠢ | ᠶᠤᠮ ᠤᠤ ᠮᠠᠰᠢᠨ ᠲᠡᠷᠭᠡᠨ ᠳᠤ ᠰᠠᠭᠤᠭᠴᠢ ᠠᠯᠢ ᠠᠯᠢ ᠨᠢ ᠪᠦᠷ ᠪᠠᠶᠢᠯᠴᠠᠳᠠᠭ᠃ ᠡᠶᠢᠮᠦ ᠪᠠᠶᠢᠳᠠᠯ ᠤᠨ ᠪᠤᠢ ᠪᠣᠯᠤᠭᠰᠠᠨ ᠨᠢ ᠬᠡᠦᠬᠡᠳ᠂ ᠵᠠᠯᠠᠭᠤᠴᠤᠳ ᠤᠨ | ᠮᠠᠬᠠᠪᠤᠳ ᠤᠨ ᠪᠠ ᠰᠡᠳᠬᠢᠴᠡ ᠶᠢᠨ ᠣᠨᠴᠠᠯᠢᠭ ᠲᠠᠢ ᠬᠤᠯᠪᠤᠭ᠎ᠠ ᠲᠠᠢ ᠪᠠᠶᠢᠳᠠᠭ᠃ ᠪᠣᠳᠠᠲᠠᠢ ᠪᠠᠷ ᠬᠡᠯᠡᠪᠡᠯ᠂ ᠲᠠᠳᠡᠨᠤᠰ ᠶᠡᠷᠦ ᠨᠢ ᠠᠪ ᠠᠮᠠᠷᠬᠠᠨ ᠬᠥᠭᠡᠷᠦᠨ | ᠬᠥᠭᠰᠡᠳᠡᠭ ᠪᠥᠭᠡᠳ ᠲᠤᠷᠰᠢᠯᠭ᠎ᠠ ᠳᠠᠩᠴᠤ ᠮᠡᠬᠦᠰ ᠪᠠᠶᠢᠳᠠᠭ᠃ ᠡᠴᠢᠭᠡ ᠡᠬᠡ ᠪᠣᠯᠣᠭᠰᠠᠳ ᠪᠡᠶ᠎ᠡ ᠪᠠᠷ ᠢᠶᠠᠨ ᠬᠡᠪ ᠳᠦᠷᠢᠮ ᠦᠵᠡᠭᠦᠯᠵᠦ᠂ ᠬᠡᠦᠬᠡᠳ ᠤᠨ ᠢᠶᠠᠨ ᠵᠠᠮ | ᠬᠠᠷᠢᠯᠴᠠᠭᠠᠨ ᠤ ᠠᠮᠤᠷ ᠮᠠᠨᠳᠤ ᠶᠢᠨ ᠲᠠᠯ᠎ᠠ ᠪᠠᠷ ᠬᠢ ᠰᠤᠷᠭᠠᠨ ᠬᠥᠮᠦᠵᠢᠯ ᠢ ᠴᠢᠩᠭᠠᠳᠬᠠᠵᠤ᠂ ᠲᠡᠳᠡᠨ ᠢ ᠵᠢᠭᠠᠨ ᠵᠢᠯᠤᠭᠤᠳᠴᠤ ᠵᠠᠮ ᠬᠠᠷᠢᠯᠴᠠᠭᠠᠨ ᠤ ᠬᠠᠤᠯᠢ | ᠲᠣᠭᠲᠠᠭᠠᠯ ᠢ ᠵᠢᠷᠤᠮᠯᠠᠨ ᠰᠠᠬᠢᠭᠤᠯᠬᠤ ᠬᠡᠷᠡᠭᠲᠡᠢ᠃ | ︵︽ᠡᠷᠡᠭᠦᠯ ᠮᠡᠨᠳᠤ ᠶᠢᠨ 66 ᠵᠤᠷᠪᠤᠰ︾ ᠨᠣᠮ ᠠᠴᠠ ᠨᠠᠶᠢᠷᠠᠭᠤᠯᠤᠨ ᠠᠪᠤᠪᠠ︶ | | | | | | ᠮᠡᠳᠡᠯᠭᠡ ᠶᠢᠨ ᠺᠠᠷᠲ᠄ | ᠵᠠᠮ ᠬᠠᠷᠢᠯᠴᠠᠭᠠᠨ ᠤ ᠠᠳᠡᠯ ᠭᠠᠷᠬᠤ ᠭᠤᠷᠪᠠᠨ ᠶᠡᠭᠡ ᠰᠢᠯᠲᠠᠭᠠᠨ | ᠠᠷᠢᠬᠢ ᠤᠤᠭᠤᠭᠰᠠᠨ ᠤ ᠲᠠᠷᠠᠭ᠎ᠠ ᠮᠠᠰᠢᠨ ᠲᠡᠷᠭᠡ ᠵᠢᠯᠤᠭᠤᠳᠬᠤ | ᠭᠡᠳᠤ ᠬᠤᠷᠳᠤᠴᠠ ᠪᠠᠷ ᠮᠠᠰᠢᠨ ᠲᠡᠷᠭᠡ ᠵᠢᠯᠤᠭᠤᠳᠬᠤ | ᠶᠠᠳᠠᠷᠠᠭᠰᠠᠨ ᠪᠠᠶᠢᠳᠠᠯ ᠲᠠᠢ ᠪᠠᠷ ᠮᠠᠰᠢᠨ ᠲᠡᠷᠭᠡ ᠵᠢᠯᠤᠭᠤᠳᠬᠤ | | |