5 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ᠂ ᠬᠤᠰᠢᠭᠤᠨ ᠤ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠦ᠋ ᠰᠢᠤᠸᠠᠢ ᠶᠦᠩ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ 2025 ᠣᠨ ᠤ 6 ᠳ᠋ᠤᠭᠠᠷ ᠤᠳᠠᠭᠠᠨ ᠤ ᠬᠤᠷᠠᠯ ᠵᠢᠴᠢ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 6 ᠳ᠋ᠤᠭᠠᠷ ᠤᠳᠠᠭᠠᠨ ᠤ | ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ | ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠠᠷ ︽ᠨᠠᠮ ᠤᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠪᠠ ᠬᠡᠯᠪᠡᠷᠢᠴᠢ ᠦᠵᠡᠯ ᠢ ᠴᠡᠭᠴᠡᠯᠡᠨ | ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ︾ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ | ᠰᠢᠵᠢᠮ ᠪᠣᠯᠭᠠᠵᠤ᠂︽ᠭᠤᠷᠪᠠᠨ ᠤᠳᠬ᠎ᠠ ᠠᠭᠤᠯᠭ᠎ᠠ︾ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠭᠠᠷᠳᠠᠴᠠ ᠶᠢ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢ | ᠨᠠᠷᠢᠯᠢᠭᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ᠃ᠶᠡᠷᠦᠩᠬᠡᠢ ᠱᠦᠵᠢ ᠰᠢ ᠶᠢᠨ ᠫᠢᠩ ᠤᠨ ᠵᠣᠬᠢᠶᠠᠮᠠᠯ ᠤᠶᠤᠨ | ᠴᠢᠳᠠᠪᠤᠷᠢ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠪᠠᠶᠢᠳᠠᠯ ᠰᠢᠨ᠎ᠡ ᠬᠤᠪᠢᠷᠠᠯᠲᠠ ᠳᠤ ᠵᠣᠬᠢᠴᠠᠵᠤ᠂ | ᠵᠣᠬᠢᠶᠠᠮᠠᠯ ᠤᠶᠤᠨ ᠴᠢᠳᠠᠪᠤᠷᠢ ᠪᠣᠯᠣᠨ ᠮᠠᠯ ᠠᠵᠤ ᠠᠬᠤᠢ᠂ ᠰᠣᠶᠣᠯ ᠵᠢᠭᠤᠯᠴᠢᠯᠠᠯ ᠵᠡᠷᠭᠡ ᠤᠯᠠᠮᠵᠢᠯᠠᠯᠲᠤ ᠠᠵᠤ ᠦᠢᠯᠡᠰ ᠤᠨ ᠭᠦᠨᠵᠡᠭᠡᠢ ᠠᠭᠤᠰᠤᠯᠴᠠᠬᠤ ᠶᠢ | ᠰᠦᠪᠡᠭᠴᠢᠯᠡᠵᠦ᠂ ᠵᠣᠬᠢᠶᠠᠮᠠᠯ ᠤᠶᠤᠨ ᠴᠢᠳᠠᠪᠤᠷᠢ ᠶᠢ ᠰᠢᠨ᠎ᠡ ᠪᠠᠷᠭᠤ ᠵᠡᠭᠦᠨ ᠬᠤᠰᠢᠭᠤᠨ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ᠰᠢ ᠶᠢᠨ | ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ | ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠰᠣᠶᠣᠯ ᠤᠨ ᠦᠢᠯᠡᠴᠢᠯᠡᠭᠡ ᠪᠣᠯᠣᠨ ᠰᠣᠶᠣᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠴᠢᠩᠭᠠᠳᠬᠠᠵᠤ᠂︽ᠨᠢᠭᠡ | ᠴᠥᠮ᠎ᠡ ᠬᠤᠶᠠᠷ ᠵᠠᠭᠪᠤᠷ ᠭᠤᠷᠪᠠᠨ ᠪᠦᠰᠡ︾ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠦᠯᠦᠭᠯᠡᠯ ᠢ ᠲᠦᠷᠭᠡᠨ ᠪᠠᠶᠢᠭᠤᠯᠬᠤ ᠬᠡᠷᠡᠭᠲᠡᠢ᠃ | ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ ᠲᠠᠯ᠎ᠠ ᠪᠠᠷ | ᠦᠷᠭᠦᠯᠵᠢᠯᠡᠨ ᠬᠦᠴᠦᠯᠡᠵᠦ᠂ ᠪᠠᠭ ᠤᠨ ᠪᠦᠷᠢᠯᠳᠦᠭᠦᠨ ᠤ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠵᠤ᠂ ᠬᠤᠶᠠᠷ ᠲᠠᠯ᠎ᠠ ᠶᠢ ᠠᠳᠬᠤᠬᠤ᠂ ᠬᠤᠶᠠᠷ ᠢ | ᠠᠬᠢᠭᠤᠯᠬᠤ ᠶᠢ ᠪᠠᠷᠢᠮᠲᠠᠯᠠᠵᠤ᠂ ᠰᠢᠯᠢᠳᠡᠭ ᠰᠤᠷᠲᠠᠯ ᠢᠶᠠᠷ ᠰᠡᠳᠬᠢᠯ ᠬᠦᠴᠦᠨ ᠢ ᠨᠢᠭᠲᠠᠷᠠᠭᠤᠯᠵᠤ᠂ ᠠᠵᠢᠯ ᠬᠢᠵᠦ ᠦᠢᠯᠡᠰ ᠪᠣᠰᠬᠠᠬᠤ ᠬᠡᠷᠡᠭᠲᠡᠢ᠃ | ᠬᠤᠷᠠᠯ ᠠᠴᠠ ᠪᠠᠰᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠤ ᠪᠡᠯᠡ ᠮᠥᠩᠭᠦ ᠶᠢ ᠬᠤᠪᠢᠶᠠᠷᠢᠯᠠᠨ ᠬᠡᠷᠡᠭᠯᠡᠬᠦ᠂ ᠤᠯᠤᠰ ᠤᠨ | ᠥᠮᠴᠢᠯᠡᠯᠲᠦ ᠨᠤᠲᠤᠭ ᠪᠡᠯᠴᠢᠭᠡᠷ ᠤᠨ ᠬᠠᠮᠢᠶᠠᠷᠤᠯᠲᠠ ᠪᠠ ᠠᠰᠢᠭᠯᠠᠯᠲᠠ᠂ ᠵᠠᠰᠠᠭ ᠤᠨ ᠣᠷᠳᠣᠨ ᠤ ᠰᠢᠰᠲ᠋ᠧᠮ ᠤᠨ ᠠᠵᠢᠯᠲᠠᠨ ᠤ ᠶᠠᠪᠤᠳᠠᠯ ᠤᠨ ᠲᠤᠰᠢᠶᠠᠯ ᠳᠤ | ᠲᠣᠮᠢᠯᠠᠵᠤ ᠲᠤᠰᠢᠶᠠᠯ ᠠᠴᠠ ᠪᠠᠭᠤᠯᠭᠠᠬᠤ ᠵᠡᠷᠭᠡ ᠶᠠᠪᠤᠳᠠᠯ ᠢ ᠰᠤᠳᠤᠯᠤᠨ ᠬᠢᠨᠠᠨ ᠵᠥᠪᠯᠡᠪᠡ᠃ |