| | | 5 ᠰᠠᠷ᠎ᠠ ᠶᠢᠨ 29 ᠤ ᠡᠳᠦᠷ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ | ᠬᠤᠯᠪᠤᠭ᠎ᠠ ᠠᠴᠠ ᠵᠢᠯᠤᠭᠤᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠭᠰᠡᠨ ︽ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠬᠢᠯᠢ ᠬᠢᠵᠠᠭᠠᠷ ᠣᠷᠣᠨ ᠳᠤ ᠣᠷᠣᠬᠤᠢ · ᠥᠪᠥᠷ ᠮᠣᠩᠭᠤᠯ ᠳᠠᠬᠢ ᠠᠶᠠᠯᠠᠯ︾ ᠤᠨ ᠠᠵᠢᠯᠯᠠᠭ᠎ᠠ ᠪᠠᠶᠠᠨᠨᠠᠭᠤᠷ ᠲᠤ ᠶᠠᠪᠤᠭᠳᠠᠪᠠ᠃ | ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠡᠷᠭᠢᠯᠡᠭᠴᠢ ᠫᠠᠨ ᠶᠤᠸᠠᠢ᠂ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠪᠦᠭᠦ ᠤᠯᠤᠰ ᠤᠨ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠲᠡᠷᠢᠭᠦᠯᠡᠭᠴᠢ ᠱᠧᠨ ᠶᠢᠩ ᠶᠠᠷᠢᠶ᠎ᠠ | ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠲᠡᠷᠢᠭᠦᠯᠡᠭᠴᠢ ᠸᠠᠩ ᠯᠢ ᠰᠢᠶᠠ ᠪᠠᠶᠠᠷ ᠤᠨ ᠦᠭᠡ ᠬᠡᠯᠡᠵᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ | ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ ᠠᠵᠢᠯᠯᠠᠭ᠎ᠠ ᠶᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ | ᠲᠡᠷᠢᠭᠦᠯᠡᠭᠴᠢ ᠴᠢ᠊ ᠪᠠᠲᠤ ᠪᠠᠶᠢᠳᠠᠯ ᠢ ᠲᠠᠨᠢᠯᠴᠠᠭᠤᠯᠪᠠ᠃ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠳᠡᠳ᠋ ᠲᠡᠷᠢᠭᠦᠯᠡᠭᠴᠢ ᠹᠠᠩ ᠭᠤᠸᠠᠩ | ᠬᠤᠸᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ | ᠲᠡᠷᠢᠭᠦᠯᠡᠭᠴᠢ ᠠᠨ ᠷᠦᠨ ᠱᠧᠩ ᠣᠷᠣᠯᠴᠠᠵᠠᠢ᠃ | | | | | | ᠫᠠᠨ ᠶᠤᠸᠠᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ | ᠬᠤᠷᠢᠶ᠎ᠠ ᠬᠢᠯᠢ ᠬᠢᠵᠠᠭᠠᠷ ᠣᠷᠣᠨ ᠤ ᠵᠠᠰᠠᠯᠲᠠ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠭᠰᠠᠭᠠᠷ ᠢᠷᠡᠪᠡ᠃ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠪᠣᠯᠣᠨ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠢᠯᠢ ᠬᠢᠵᠠᠭᠠᠷ | ᠣᠷᠣᠨ ᠳᠤ ᠣᠷᠣᠬᠤᠢ︾ ᠠᠵᠢᠯᠯᠠᠭ᠎ᠠ ᠶᠢ ᠪᠦᠲᠦᠭᠡᠯᠴᠢ ᠴᠢᠨᠠᠷᠲᠠᠢ ᠥᠷᠨᠢᠭᠦᠯᠵᠦ᠂ ᠬᠢᠯᠢ ᠬᠢᠵᠠᠭᠠᠷ ᠣᠷᠣᠨ ᠤ ᠮᠤᠵᠢ ᠣᠷᠣᠨ ᠪᠣᠯᠣᠨ ᠵᠡᠭᠦᠨ ᠳᠤᠮᠳᠠ ᠣᠷᠣᠨ ᠤ | ᠮᠤᠵᠢ ᠶᠢᠨ ᠬᠤᠭᠤᠷᠣᠨᠳᠤ ᠬᠠᠮᠲᠤᠷᠠᠯᠴᠠᠭ᠎ᠠ ᠥᠷᠨᠢᠭᠦᠯᠬᠦ ᠰᠢᠨ᠎ᠡ ᠣᠷᠣᠨ ᠵᠠᠢ ᠶᠢ ᠨᠡᠭᠡᠭᠡᠵᠦ᠂ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠣᠷᠣᠨ ᠢ ᠬᠥᠭᠵᠢᠭᠦᠯᠵᠦ | ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠰᠢᠨ᠎ᠡ ᠠᠷᠭ᠎ᠠ ᠵᠠᠮ ᠢ ᠪᠠᠶᠠᠯᠢᠭᠵᠢᠭᠤᠯᠵᠤ᠂ ᠬᠢᠯᠢ ᠬᠢᠵᠠᠭᠠᠷ ᠤᠨ ᠭᠠᠵᠠᠷ ᠣᠷᠣᠨ ᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠰᠢᠨ᠎ᠡ ᠠᠴᠢᠶᠠᠯᠠᠪᠤᠷᠢ ᠶᠢ ᠪᠤᠢ ᠪᠣᠯᠭᠠᠪᠠ᠃ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ | ᠰᠠᠭᠤᠷᠢᠯᠠᠵᠤ᠂ ︽ᠣᠷᠣᠬᠤ︾ ᠴᠢᠭᠯᠡᠯ ᠢ ᠪᠠᠲᠤ ᠡᠵᠡᠮᠳᠡᠵᠦ᠂ ︽ᠣᠷᠣᠬᠤ︾ ᠶᠢᠨ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠵᠦ᠂ ︽ᠣᠷᠣᠬᠤ︾ ᠶᠢᠨ ᠠᠭᠤᠯᠬᠤᠨ ᠢ | ᠪᠠᠶᠠᠯᠢᠭᠵᠢᠭᠤᠯᠵᠤ᠂ ︽ᠣᠷᠣᠬᠤ︾ ᠶᠢᠨ ᠣᠣᠷ ᠲᠤᠨᠳᠠᠰᠤ ᠶᠢ ᠵᠤᠵᠠᠭᠠᠳᠬᠠᠵᠤ᠂ ︽ᠣᠷᠣᠬᠤ︾ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠬᠢᠯᠢ ᠬᠢᠵᠠᠭᠠᠷ ᠣᠷᠣᠨ ᠳᠤ ᠣᠷᠣᠬᠤ ᠡᠨᠡ ᠬᠦ ᠶᠡᠭᠡ ᠶᠠᠪᠤᠳᠠᠯ ᠢ ᠭᠦᠨᠵᠡᠭᠡᠢ ᠪᠣᠳᠠᠲᠠᠢ ᠥᠷᠨᠢᠭᠦᠯᠬᠦ ᠬᠡᠷᠡᠭᠲᠡᠢ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠬᠢᠯᠢ ᠬᠢᠵᠠᠭᠠᠷ ᠣᠷᠣᠨ ᠳᠤ ᠣᠷᠣᠬᠤ ᠪᠦᠭᠦ ᠶᠠᠪᠤᠴᠠ ᠳᠤ ᠲᠤᠭᠤᠰᠢᠯᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠡᠯᠡ | ᠮᠥᠩᠭᠦ ᠪᠠᠨ ᠠᠪᠴᠤ᠂ ᠮᠡᠷᠭᠡᠵᠢᠯ ᠢᠶᠠᠨ ᠠᠪᠴᠤ᠂ ᠲᠦᠷᠦᠯ ᠵᠦᠢᠯ ᠢᠶᠠᠨ ᠠᠪᠴᠤ ᠬᠢᠯᠢ ᠬᠢᠵᠠᠭᠠᠷ ᠣᠷᠣᠨ ᠳᠤ ᠣᠷᠣᠬᠤ ᠶᠢᠨ ᠬᠠᠮᠲᠤ ᠬᠥᠮᠥᠰ ᠤᠨ ᠬᠤᠣᠰ | ᠴᠢᠭᠯᠡᠯ ᠢᠶᠠᠷ ᠶᠡᠭᠡ ᠪᠠᠷ ᠰᠢᠯᠵᠢᠭᠦ᠂ ᠦᠨᠳᠦᠰᠦᠲᠡᠨ ᠨᠦᠭᠦᠳ ᠤᠨ ᠶᠡᠭᠡ ᠠᠭᠤᠰᠤᠯᠴᠠᠯ ᠢ ᠳᠠᠶᠢᠴᠢᠯᠠᠬᠤ ᠶᠢ ᠠᠬᠢᠭᠤᠯᠬᠤ ᠬᠡᠷᠡᠭᠲᠡᠢ᠃ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠤᠨ ᠬᠢᠯᠢ ᠬᠢᠵᠠᠭᠠᠷ ᠣᠷᠣᠨ ᠪᠣᠯᠣᠨ ᠡᠷᠭᠢᠨ ᠲᠣᠭᠤᠷᠢᠨ ᠤ ᠤᠯᠠᠨ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠳᠤ ᠢᠳᠡᠪᠬᠢᠲᠡᠢ | ᠣᠷᠤᠯᠴᠠᠬᠤ ᠶᠢ ᠠᠬᠢᠭᠤᠯᠵᠤ᠂ ᠳᠤᠮᠳᠠᠳᠤ ᠶᠢᠨ ᠪᠣᠯᠪᠠᠰᠤᠨ ᠪᠣᠯᠣᠨ ᠳᠤᠮᠳᠠᠳᠤ ᠤᠯᠤᠰ ᠤᠨ ᠳᠦᠷᠢ ᠲᠥᠷᠬᠦ ᠶᠢ ᠨᠡᠩ ᠰᠠᠶᠢᠲᠤᠷ ᠢᠯᠡᠷᠡᠭᠦᠯᠬᠦ ᠬᠡᠷᠡᠭᠲᠡᠢ ᠭᠡᠵᠡᠢ᠃ | | | | | | ᠱᠧᠨ ᠶᠢᠩ᠂ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠢᠯᠢ ᠬᠢᠵᠠᠭᠠᠷ ᠣᠷᠣᠨ ᠳᠤ ᠣᠷᠣᠬᠤᠢ︾ ᠠᠵᠢᠯᠯᠠᠭ᠎ᠠ ᠨᠢ ᠬᠢᠯᠢ ᠬᠢᠵᠠᠭᠠᠷ ᠣᠷᠣᠨ ᠤ | ᠠᠵᠤ ᠠᠬᠤᠢ ᠶᠢᠨ ᠬᠥᠭᠵᠢᠯᠲᠡ ᠶᠢ ᠬᠦᠴᠦᠲᠡᠢ ᠠᠬᠢᠭᠤᠯᠤᠨ᠂ ᠠᠵᠢᠯ ᠣᠯᠭᠤᠯᠲᠠ ᠶᠢ ᠨᠡᠮᠡᠭᠳᠡᠭᠦᠯᠦᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠭᠰᠠᠨ ᠪᠥᠭᠡᠳ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠬᠥᠭᠵᠢᠯᠲᠡ ᠶᠢᠨ ᠣᠷᠣᠨ ᠵᠠᠢ ᠶᠢ ᠥᠷᠭᠡᠳᠬᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠬᠢᠯᠢ ᠬᠢᠵᠠᠭᠠᠷ ᠣᠷᠣᠨ ᠤ ᠬᠠᠮᠲᠤ ᠪᠠᠷ ᠠᠰᠢᠭ ᠭᠦᠷᠳᠡᠭᠦ | ᠬᠥᠭᠵᠢᠯᠲᠡ᠂ ᠥᠭᠡᠳᠡ ᠥᠭᠡᠳᠡ ᠠᠴᠠ ᠪᠠᠨ ᠲᠡᠮᠡᠦᠯᠬᠦ ᠶᠢ ᠪᠡᠶᠡᠯᠡᠭᠦᠯᠵᠡᠢ᠃ ᠶᠡᠷᠦᠩᠬᠡᠢ ᠱᠦᠵᠢ ᠰᠢ ᠶᠢᠨ ᠫᠢᠩ ᠤᠨ ᠬᠢᠯᠢ ᠬᠢᠵᠠᠭᠠᠷ ᠣᠷᠣᠨ ᠤ ᠵᠠᠰᠠᠯᠲᠠ ᠪᠠ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠠᠵᠢᠯᠯᠠᠭᠠᠨ ᠤ ᠴᠢᠭᠯᠡᠯ ᠢᠶᠠᠨ ᠪᠠᠲᠤᠳᠬᠠᠵᠤ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ᠂ ᠬᠢᠯᠢ ᠬᠢᠵᠠᠭᠠᠷ ᠣᠷᠣᠨ ᠢ ᠲᠣᠭᠲᠠᠪᠤᠷᠢᠵᠢᠭᠤᠯᠵᠤ | ᠬᠢᠯᠢ ᠬᠢᠵᠠᠭᠠᠷ ᠣᠷᠣᠨ ᠢ ᠪᠠᠬᠢᠵᠢᠭᠦᠯᠬᠦ ᠴᠠᠭ ᠦᠶ᠎ᠡ ᠶᠢᠨ ᠡᠭᠦᠷᠭᠡ ᠶᠢ ᠵᠣᠷᠢᠭᠲᠠᠢ ᠡᠭᠦᠷᠭᠡᠯᠡᠵᠦ᠂ ᠠᠵᠤ ᠠᠬᠤᠶᠢᠯᠠᠯ ᠤᠨ ᠬᠥᠭᠵᠢᠯᠲᠡ ᠶᠢ ᠤᠯᠤᠰ ᠤᠨ ᠬᠥᠭᠵᠢᠯ | ᠴᠡᠴᠡᠭᠯᠡᠯ᠂ ᠦᠨᠳᠦᠰᠦᠲᠡᠨ ᠤ ᠬᠥᠭᠵᠢᠯ ᠮᠠᠨᠳᠤᠯ᠂ ᠠᠷᠠᠳ ᠲᠦᠮᠡᠨ ᠤ ᠵᠣᠯ ᠵᠢᠷᠭᠠᠯ ᠲᠠᠢ ᠨᠢᠭᠲᠠ ᠤᠶᠠᠯᠳᠤᠭᠤᠯᠵᠤ᠂ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠬᠢᠯᠢ | ᠬᠢᠵᠠᠭᠠᠷ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠬᠥᠳᠡᠯᠭᠡᠬᠦ ᠬᠦᠴᠦᠨ᠂ ᠠᠮᠢᠵᠢᠷᠠᠯ ᠤᠨ ᠬᠦᠴᠦᠨ ᠨᠡᠮᠡᠷᠢᠯᠡᠭᠡᠷᠡᠢ︔ ᠠᠵᠢᠯᠯᠠᠭ᠎ᠠ ᠶᠢᠨ ᠭᠤᠣᠯᠳᠠᠯᠭ᠎ᠠ ᠶᠢ | ᠲᠤᠪᠤᠶᠢᠯᠭᠠᠵᠦ᠂ ᠥᠪᠥᠷ ᠮᠣᠩᠭᠤᠯ ᠤᠨ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ | ᠥᠪᠥᠷ ᠮᠣᠩᠭᠤᠯ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠲᠤ ᠠᠭᠤᠰᠤᠯᠴᠠᠬᠤ ᠳᠤ | ᠬᠦᠴᠦᠨ ᠴᠢᠳᠠᠯ ᠢᠶᠠᠨ ᠡᠷᠭᠦᠭᠡᠷᠡᠢ︔ ᠠᠵᠢᠯᠯᠠᠭ᠎ᠠ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠴᠢᠨᠠᠷ ᠰᠠᠶᠢᠲᠠᠢ ᠪᠡᠯᠡ ᠣᠷᠣᠭᠤᠯᠤᠯᠲᠠ ᠶᠢᠨ ᠲᠥᠷᠥᠯ | ᠵᠦᠢᠯ ᠢᠶᠠᠷ ᠬᠢᠯᠢ ᠬᠢᠵᠠᠭᠠᠷ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠦ᠂ ᠬᠢᠯᠢ ᠬᠢᠵᠠᠭᠠᠷ ᠤᠨ ᠠᠵᠤ ᠦᠢᠯᠡᠰ ᠢ ᠪᠤᠵᠠᠭᠠᠶᠢᠷᠠᠭᠤᠯᠬᠤ ᠪᠠ | ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠶᠢᠨ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠠᠵᠤ ᠠᠬᠤᠢ ᠶᠢᠨ ᠦᠷ᠎ᠡ ᠠᠰᠢᠭ ᠬᠢᠭᠡᠳ ᠨᠡᠶᠢᠭᠡᠮ ᠤᠨ ᠦᠷ᠎ᠡ ᠠᠰᠢᠭ ᠢ | ᠬᠠᠮᠲᠤ ᠳᠤᠨᠢ ᠬᠠᠷᠠᠭᠠᠯᠵᠠᠵᠤ᠂ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠢᠯᠢ ᠬᠢᠵᠠᠭᠠᠷ ᠣᠷᠣᠨ ᠳᠤ ᠣᠷᠣᠬᠤᠢ︾ ᠠᠵᠢᠯᠯᠠᠭ᠎ᠠ ᠶᠢᠨ ᠶᠡᠷᠦᠩᠬᠡᠶᠢᠯᠡᠭᠰᠡᠨ | ᠶᠠᠰᠤ ᠴᠢᠨᠠᠷ ᠦᠷ᠎ᠡ ᠠᠰᠢᠭ ᠢ ᠴᠢᠷᠮᠠᠶᠢᠨ ᠳᠡᠭᠡᠭᠰᠢᠯᠡᠭᠦᠯᠦᠭᠡᠷᠡᠢ ᠭᠡᠵᠦ ᠥᠷᠭᠡᠨ ᠣᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠢᠨ ᠳᠤ ᠬᠦᠰᠡᠵᠦ | ᠪᠠᠶᠢᠨ᠎ᠠ ᠭᠡᠪᠡ᠃ | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠨ ᠨᠠᠶᠢᠳᠠᠯᠭ᠎ᠠ ᠪᠠᠷ᠂ ᠸᠠᠩ ᠯᠢ ᠰᠢᠶᠠ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠵᠣᠴᠢᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ | ᠢᠯᠡᠳᠬᠡᠵᠦ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠵᠢᠴᠢ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠨ ᠤ ᠥᠪᠥᠷ ᠮᠣᠩᠭᠤᠯ ᠢ ᠬᠠᠯᠠᠮᠵᠢᠯᠠᠨ ᠳᠡᠮᠵᠢᠵᠤ ᠢᠷᠡᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ | ᠢᠯᠡᠳᠬᠡᠪᠡ᠃ ᠲᠡᠷᠡ᠂ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠢᠯᠢ ᠬᠢᠵᠠᠭᠠᠷ ᠣᠷᠣᠨ ᠳᠤ ᠣᠷᠣᠬᠤᠢ · ᠥᠪᠥᠷ ᠮᠣᠩᠭᠤᠯ ᠳᠠᠬᠢ ᠠᠶᠠᠯᠠᠯ︾ ᠤᠨ | ᠠᠵᠢᠯᠯᠠᠭ᠎ᠠ ᠨᠢ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠶᠢᠨ ᠬᠢᠯᠢ ᠬᠢᠵᠠᠭᠠᠷ ᠣᠷᠣᠨ ᠤ ᠦᠨᠳᠦᠰᠦᠲᠡᠨ ᠨᠦᠭᠦᠳ ᠤᠨ ᠣᠯᠠᠨ | ᠲᠦᠮᠡᠨ ᠢ ᠳᠣᠲᠣᠨᠣ ᠪᠠᠷ ᠬᠠᠯᠠᠮᠵᠢᠯᠠᠵᠤ ᠪᠠᠶᠢᠬᠤ ᠶᠢ ᠭᠦᠢᠴᠡᠳ ᠢᠯᠡᠷᠡᠭᠦᠯᠵᠦ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ᠂ ᠪᠦᠭᠦ ᠤᠯᠤᠰ ᠤᠨ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠢᠯᠢ ᠬᠢᠵᠠᠭᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠯᠤᠰ ᠲᠥᠷᠥ ᠶᠢᠨ ᠬᠠᠷᠢᠭᠤᠴᠠᠯᠭ᠎ᠠ | ᠡᠭᠦᠷᠭᠡᠯᠡᠯ ᠢ ᠢᠯᠡᠷᠡᠭᠦᠯᠪᠡ᠃ ᠣᠶᠢᠷ᠎ᠠ ᠶᠢᠨ ᠵᠢᠯ ᠠᠴᠠ ᠨᠠᠭᠠᠰᠢ᠂ ᠪᠦᠭᠦ ᠣᠷᠣᠨ ᠳᠠᠶᠠᠭᠠᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ ︽ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ︾ ᠬᠠᠷᠠᠯᠲᠠ ᠳᠤ ᠠᠩᠬᠠᠷᠤᠯ ᠢᠶᠠᠨ | ᠲᠥᠪᠯᠡᠷᠡᠭᠦᠯᠦᠨ ᠬᠦᠴᠦ ᠪᠠᠨ ᠲᠥᠪᠯᠡᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠪᠡ᠃ ᠣᠳᠣᠬᠠᠨ ᠳᠤ ᠥᠪᠥᠷ ᠮᠣᠩᠭᠤᠯ ᠤᠨ ᠬᠥᠭᠵᠢᠯᠲᠡ ᠶᠢᠨ ᠪᠠᠶᠢᠳᠠᠯ ᠶᠠᠭ ᠡᠷᠴᠢᠮᠲᠡᠢ ᠶᠠᠪᠤᠭᠳᠠᠵᠤ᠂ ᠬᠤᠳᠠᠯᠳᠤᠭᠠᠨ ᠤ ᠠᠵᠠ ᠲᠣᠭᠢᠶᠠᠯ ᠮᠠᠰᠢ | ᠰᠠᠶᠢᠨ ᠪᠠᠶᠢᠨ᠎ᠠ᠃ ᠠᠵᠤ ᠠᠬᠤᠶᠢᠯᠠᠯᠲᠠᠳ ᠤᠨ ᠣᠲᠣ ᠦᠶ᠎ᠡ ᠶᠢᠨ ᠲᠣᠨᠣᠭᠯᠠᠯ ᠦᠢᠯᠡᠳᠬᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠪᠣᠬᠢᠷᠳᠤᠯ ᠦᠭᠡᠢ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠠᠵᠤ ᠦᠢᠯᠡᠰ ᠤᠨ ᠪᠦᠯᠦᠭᠵᠢᠯ ᠤᠨ ᠪᠦᠲᠦᠭᠡᠨ | ᠪᠠᠶᠢᠭᠤᠯᠤᠯᠲᠠ ᠶᠢᠨ ᠲᠠᠯ᠎ᠠ ᠪᠠᠷ ᠮᠠᠨ ᠤ ᠣᠷᠣᠨ ᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠭᠠᠷ ᠬᠤᠯᠪᠣᠨ ᠡᠬᠡ ᠤᠯᠤᠰ ᠤᠨ ᠤᠮᠠᠷᠠᠲᠤ ᠶᠢᠨ ᠡᠨᠡ ᠬᠦ | ᠦᠵᠡᠮᠵᠢ ᠶᠢᠨ ᠣᠷᠣᠨ ᠢ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ ᠭᠡᠪᠡ᠃ | | | | | | ᠠᠵᠢᠯᠯᠠᠭ᠎ᠠ ᠶᠢᠨ ᠶᠡᠭᠡ ᠬᠤᠷᠠᠯ ᠳᠡᠭᠡᠷ᠎ᠡ᠂ ᠴᠢ ᠠᠨ ᠰᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠴᠢ ᠰᠢᠶᠠᠩ ᠳ᠋ᠦᠩ᠂ ᠮᠦ ᠶᠤᠸᠠᠨ ᠠᠵᠤ | ᠦᠢᠯᠡᠰ ᠤᠨ ᠪᠦᠯᠦᠭᠯᠡᠯ ᠬᠢᠵᠠᠭᠠᠷᠲᠤ ᠺᠤᠮᠫᠠᠨᠢ ᠶᠢᠨ ᠶᠡᠷᠦᠩᠬᠡᠢ ᠵᠠᠬᠢᠷᠤᠯ ᠴᠢᠨ ᠶᠢᠩ ᠯᠢᠨ᠂ ᠣᠷᠳᠣᠰ ᠪᠡᠯᠡ ᠣᠷᠣᠭᠤᠯᠤᠯᠲᠠ ᠶᠢᠨ ᠬᠤᠪᠢ ᠡᠵᠡᠮᠳᠡᠬᠦ ᠪᠦᠯᠦᠭᠯᠡᠯ ᠤᠨ | ᠶᠡᠷᠦᠩᠬᠡᠢ ᠵᠠᠬᠢᠷᠤᠯ ᠸᠠᠩ ᠵᠧᠨ᠂ ᠯᠢᠶᠠᠨ ᠪᠠᠩ ᠡᠮ ᠦᠢᠯᠡᠳᠬᠦ ︵ᠥᠪᠥᠷ ᠮᠣᠩᠭᠤᠯ︶ ᠬᠢᠵᠠᠭᠠᠷᠲᠤ ᠺᠤᠮᠫᠠᠨᠢ ᠶᠢᠨ ᠶᠡᠷᠦᠩᠬᠡᠢ ᠳᠠᠭᠠᠭᠠᠮᠠᠯ ᠵᠠᠩ ᠸᠧᠨ ᠢᠦᠢ ᠨᠠᠷ ᠤᠷᠢᠳ | ᠬᠤᠵᠢᠳ ᠦᠭᠡ ᠬᠡᠯᠡᠪᠡ︔ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠢᠯᠢ ᠬᠢᠵᠠᠭᠠᠷ ᠣᠷᠣᠨ ᠤ ᠰᠤᠳᠤᠯᠭᠠᠨ ᠤ ᠭᠠᠵᠠᠷ ᠤᠨ | ᠳᠡᠳ᠋ ᠳᠠᠷᠤᠭ᠎ᠠ ᠹᠠᠨ ᠧᠨ ᠱᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ ᠬᠢᠯᠢ ᠬᠢᠵᠠᠭᠠᠷ ᠣᠷᠣᠨ ᠤ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠤᠶ᠎ᠠ︾ ᠭᠡᠬᠦ ᠭᠤᠣᠯ ᠰᠡᠳᠦᠪᠲᠦ ᠶᠠᠷᠢᠶ᠎ᠠ ᠢᠯᠡᠳᠬᠡᠯ ᠬᠢᠪᠡ᠃ ᠶᠡᠭᠡ ᠬᠤᠷᠠᠯ ᠠᠴᠠ ᠪᠠᠰᠠ ︽ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠬᠢᠯᠢ ᠬᠢᠵᠠᠭᠠᠷ ᠣᠷᠣᠨ ᠳᠤ ᠣᠷᠣᠬᠤᠢ· ᠥᠪᠥᠷ ᠮᠣᠩᠭᠤᠯ ᠳᠠᠬᠢ ᠠᠶᠠᠯᠠᠯ︾ ᠤᠨ ᠠᠷᠠᠯᠵᠢᠶᠠᠴᠢᠨ ᠤᠷᠢᠭᠰᠠᠨ ᠦᠷ᠎ᠡ ᠪᠦᠲᠦᠭᠡᠯ ᠢ ᠨᠡᠶᠢᠲᠡᠯᠡᠵᠡᠢ᠃ | ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠡᠰᠡᠭ ᠮᠤᠵᠢ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ | ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠠᠶᠢᠮᠠᠭ ᠬᠤᠲᠠ ᠶᠢᠨ ᠵᠠᠰᠠᠭ ᠤᠨ ᠣᠷᠳᠣᠨ ︵ᠵᠠᠰᠠᠭ ᠵᠠᠬᠢᠷᠭ᠎ᠠ︶ | ᠤ ᠬᠠᠷᠢᠭᠤᠴᠠᠯᠭᠠᠲᠠᠨ ᠨᠥᠬᠦᠳ ᠵᠢᠴᠢ ᠣᠷᠣᠨ ᠤ ᠳᠣᠲᠣᠨ᠎ᠠ ᠭᠠᠳᠠᠨᠠᠬᠢ ᠬᠠᠮᠢᠶ᠎ᠠ ᠪᠦᠬᠦᠢ ᠬᠤᠳᠠᠯᠳᠤᠭᠠᠴᠢᠳ ᠤᠨ ᠡᠪᠯᠡᠯ ᠪᠣᠯᠣᠨ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠤᠨ ᠬᠠᠷᠢᠭᠤᠴᠠᠯᠭᠠᠲᠠᠨ ᠶᠡᠭᠡ ᠬᠤᠷᠠᠯ ᠳᠤ ᠣᠷᠣᠯᠴᠠᠪᠠ᠃ | ᠠᠵᠢᠯᠯᠠᠭ᠎ᠠ ᠶᠢᠨ ᠬᠤᠭᠤᠴᠠᠭᠠᠨ ᠳᠤ ᠪᠠᠰᠠ ᠤᠮᠠᠷᠠᠲᠤ ᠬᠢᠯᠢ ᠶᠢᠨ ᠰᠣᠶᠣᠯ ᠵᠢᠴᠢ ᠰᠣᠶᠣᠯ ᠵᠢᠭᠤᠯᠴᠢᠯᠠᠯ ᠤᠨ ᠠᠵᠤ ᠦᠢᠯᠡᠰ᠂ ᠰᠢᠨ᠎ᠡ ᠡᠨᠧᠷᠭᠢ ᠶᠢᠨ | ᠠᠵᠤ ᠦᠢᠯᠡᠰ ᠤᠨ ᠬᠥᠭᠵᠢᠯᠲᠡ ᠪᠣᠯᠣᠨ ᠲᠣᠨᠣᠭᠯᠠᠯ ᠦᠢᠯᠡᠳᠬᠦ᠂ ᠬᠢᠯᠢ ᠬᠢᠵᠠᠭᠠᠷ ᠤᠨ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠪᠦᠭᠦ ᠤᠯᠤᠰ ᠲᠤ ᠪᠣᠷᠣᠯᠠᠭᠤᠯᠬᠤ ᠵᠡᠷᠭᠡ 3 ᠲᠠᠯᠠᠪᠤᠷ ᠲᠠᠨᠢᠯᠴᠠᠭᠤᠯᠭ᠎ᠠ ᠶᠢᠨ ᠠᠵᠢᠯᠯᠠᠭ᠎ᠠ ᠵᠢᠴᠢ ᠰᠢᠨᠵᠢᠯᠡᠨ ᠪᠠᠶᠢᠴᠠᠭᠠᠬᠤ ᠰᠢᠷᠢᠰ ᠠᠵᠢᠯᠯᠠᠭ᠎ᠠ | ᠥᠷᠨᠢᠭᠦᠯᠬᠦ ᠪᠣᠯᠣᠨ᠎ᠠ᠃ | | |