ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠱᠠᠨᠳᠦ᠋ᠩ ᠤᠨ ᠶᠧᠦ ᠳ᠋ᠣᠣ ᠬᠢᠮᠢ ᠶᠢᠨ ᠬᠢᠵᠠᠭᠠᠷᠲᠤ ᠺᠣᠮᠫᠠᠨᠢ ᠶᠢᠨ ᠳᠡᠯᠪᠡᠷᠡᠯᠲᠡ ᠶᠢᠨ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠳᠤ ᠫᠠᠶᠢᠰᠠ ᠡᠯᠭᠦᠨ ᠰᠢᠮᠳᠠᠭᠤᠯᠤᠨ ᠭᠦᠢᠴᠡᠳᠬᠡᠯᠭᠡᠵᠦ ᠪᠣᠢ
ᠨᠡᠶᠢᠲᠡᠯᠡᠭᠰᠡᠨ ᠴᠠᠭ᠄
2025/5/30
          5 ᠳ᠋ᠤᠭᠠᠷ ᠰᠠᠷ᠎ᠠ ᠶᠢᠨ 27 ᠤ ᠡᠳᠦᠷ᠂ ᠱᠠᠨᠳᠦ᠋ᠩ ᠮᠤᠵᠢ ᠶᠢᠨ ᠸᠧᠢ ᠹᠠᠩ ᠬᠤᠲᠠ ᠶᠢᠨ ᠭᠤᠣ ᠮᠢ ᠬᠤᠲᠠ ᠳᠠᠬᠢ ᠶᠧᠦ ᠳ᠋ᠣᠣ ᠬᠢᠮᠢ ᠶᠢᠨ ᠬᠢᠵᠠᠭᠠᠷᠲᠤ ᠺᠣᠮᠫᠠᠨᠢ ᠳᠤ ᠳᠡᠯᠪᠡᠷᠡᠯᠲᠡ ᠶᠢᠨ ᠠᠳᠡᠯ ᠡᠭᠦᠰᠴᠦ᠂ ᠣᠳᠣᠬᠠᠨ ᠪᠣᠯᠲᠠᠯ᠎ᠠ 5 ᠬᠥᠮᠥᠨ ᠠᠳᠡᠵᠦ᠂ 6 ᠬᠥᠮᠥᠨ ᠯᠦᠭᠡ ᠬᠤᠯᠪᠣᠭ᠎ᠠ ᠠᠪᠴᠤ ᠳᠡᠶᠢᠯᠬᠦ ᠦᠭᠡᠢ ᠪᠠᠶᠢᠨ᠎ᠠ᠃ ︽ᠬᠦᠨᠳᠦ ᠶᠡᠭᠡ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠳᠤ ᠫᠠᠶᠢᠰᠠ ᠡᠯᠭᠦᠨ ᠰᠢᠮᠳᠠᠭᠤᠯᠤᠨ ᠭᠦᠢᠴᠡᠳᠬᠡᠯᠭᠡᠬᠦ ᠠᠷᠭ᠎ᠠ︾ ᠶᠢ ᠦᠨᠳᠦᠰᠦᠯᠡᠨ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠲᠤᠰ ᠤᠳᠠᠭᠠᠨ ᠤ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠳᠤ ᠫᠠᠶᠢᠰᠠ ᠡᠯᠭᠦᠨ ᠰᠢᠮᠳᠠᠭᠤᠯᠤᠨ ᠭᠦᠢᠴᠡᠳᠬᠡᠯᠭᠡᠬᠦ ᠪᠠᠷ ᠲᠣᠭᠲᠠᠪᠠ᠂ ︽ᠠᠶᠤᠯ ᠦᠭᠡᠢ ᠦᠢᠯᠡᠳᠪᠦᠷᠢᠯᠡᠯ ᠤᠨ ᠠᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠳᠦᠷᠢᠮ ᠲᠣᠭᠲᠠᠭᠠᠯ ᠶᠣᠰᠣᠭᠠᠷ᠂ ᠠᠳᠡᠯ ᠤᠨ ᠪᠠᠶᠢᠴᠠᠭᠠᠯᠲᠠ ᠥᠷᠨᠢᠭᠦᠯᠬᠦ ᠶᠢ ᠰᠢᠮᠳᠠᠭᠤᠯᠤᠨ ᠵᠣᠬᠢᠶᠠᠨ ᠪᠠᠶᠢᠭᠤᠯᠵᠤ᠂ ᠠᠳᠡᠯ ᠤᠨ ᠰᠢᠯᠲᠠᠭᠠᠨ ᠢ ᠦᠳᠲᠡᠷ ᠲᠦᠷᠭᠡᠨ ᠪᠠᠶᠢᠴᠠᠭᠠᠨ ᠲᠣᠳᠣᠷᠬᠠᠶᠢᠯᠠᠵᠤ᠂ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ ᠱᠠᠭᠠᠷᠳᠠᠪᠠ᠃
ᠢᠷᠡᠯᠲᠡ᠄ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ