ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ | ︵2025 ᠣᠨ ᠤ 5 ᠳ᠋ᠤᠭᠠᠷ ᠰᠠᠷ᠎ᠠ ᠶᠢᠨ 27 ᠤ ᠡᠳᠦᠷ᠂ ᠺᠦᠸᠠᠯᠠ ᠯᠦᠮᠫᠦ᠋ᠷ︶ | ᠬᠦᠨᠳᠦᠲᠦ ᠠᠨᠸᠠᠷ ᠶᠡᠷᠦᠩᠬᠡᠢ ᠰᠠᠶᠢᠳ᠂ | ᠡᠷᠬᠢᠮ ᠵᠣᠴᠢᠳ᠂ ᠠᠵᠤ ᠠᠬᠤᠶᠢᠯᠠᠯᠲᠠᠳ᠂ ᠠᠪᠠᠭ᠋ᠠᠢ ᠨᠠᠷ᠂ ᠠᠪᠤᠭᠠᠢ ᠨᠠᠷ ᠠ᠋᠄ | ᠲᠠ ᠪᠥᠬᠦᠨ ᠲᠠᠢ ᠺᠦᠸᠠᠯᠠ ᠯᠦᠮᠫᠦ᠋ᠷ ᠲᠤ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ - ᠳᠤᠮᠳᠠᠳᠤ ᠤᠯᠤᠰ - ᠲᠠᠯᠠᠢ ᠶᠢᠨ | ᠪᠤᠯᠤᠩ ᠤᠨ ᠠᠷᠠᠪ ᠤᠯᠤᠰ ᠤᠳ ᠤᠨ ᠬᠠᠮᠲᠤᠷᠠᠯᠴᠠᠭᠠᠨ ᠤ ᠵᠥᠪᠯᠡᠯ ᠤᠨ ᠭᠤᠷᠪᠠᠨ ᠲᠠᠯ᠎ᠠ ᠶᠢᠨ ᠠᠵᠤ ᠠᠬᠤᠢ ᠶᠢᠨ ᠶᠠᠷᠢᠶᠠᠨ ᠤ ᠲᠠᠪᠴᠠᠩ ᠤᠨ ᠡᠬᠢᠯᠡᠯᠲᠡ ᠶᠢᠨ | ᠶᠣᠰᠣᠯᠠᠯ ᠳᠤ ᠣᠷᠣᠯᠴᠠᠭᠰᠠᠨ ᠳᠤ ᠪᠠᠨ ᠮᠠᠰᠢ ᠪᠠᠶᠠᠷᠲᠠᠢ ᠪᠠᠶᠢᠨ᠎ᠠ᠃ | ᠥᠨᠥᠳᠥᠷ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ - ᠳᠤᠮᠳᠠᠳᠤ ᠤᠯᠤᠰ - ᠲᠠᠯᠠᠢ ᠶᠢᠨ ᠪᠤᠯᠤᠩ ᠤᠨ ᠠᠷᠠᠪ ᠤᠯᠤᠰ ᠤᠳ ᠤᠨ | ᠬᠠᠮᠲᠤᠷᠠᠯᠴᠠᠭᠠᠨ ᠤ ᠵᠥᠪᠯᠡᠯ ᠤᠨ ᠲᠦᠷᠦᠭᠦᠴᠦᠳ ᠤᠨ ᠬᠤᠷᠠᠯ ᠠᠮᠵᠢᠯᠲᠠ ᠲᠠᠢ ᠬᠤᠷᠠᠯᠳᠤᠵᠤ᠂ ᠭᠤᠷᠪᠠᠨ ᠲᠠᠯ᠎ᠠ ᠶᠢᠨ ᠬᠠᠨᠢᠲᠠᠨ ᠤ ᠬᠠᠷᠢᠴᠠᠭ᠎ᠠ ᠶᠢ | ᠴᠢᠩᠭᠠᠳᠬᠠᠬᠤ ᠶᠢ ᠵᠥᠪᠰᠢᠶᠡᠷᠡᠵᠦ᠂ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠨᠡᠭᠡᠭᠡᠪᠡ᠃ ᠬᠤᠷᠠᠯ ᠳᠡᠭᠡᠷ᠎ᠡ᠂ ᠡᠯ᠎ᠡ ᠤᠯᠤᠰ ᠤᠨ | ᠤᠳᠤᠷᠢᠳᠬᠤ ᠬᠥᠮᠥᠰ ︽ᠠᠵᠠ ᠲᠣᠬᠢᠶᠠᠯ ᠢ ᠬᠠᠮᠲᠤ ᠪᠠᠷ ᠡᠭᠦᠳᠴᠦ ᠬᠥᠭᠵᠢᠯ ᠴᠡᠴᠡᠭᠯᠡᠯ ᠢ ᠬᠠᠮᠲᠤ ᠪᠠᠷ ᠡᠳ᠋ᠯᠡᠶ᠎ᠡ︾ ᠭᠡᠬᠦ ᠭᠤᠣᠯ ᠰᠡᠳᠦᠪ ᠤᠨ ᠲᠣᠭᠤᠷᠢᠨ ᠳᠤ | ᠭᠦᠨᠵᠡᠭᠡᠢ ᠰᠤᠳᠤᠯᠤᠨ ᠶᠠᠷᠢᠯᠴᠠᠪᠠ᠃ ᠣᠳᠣᠬᠠᠨ ᠳᠠᠬᠢ ᠪᠦᠬᠦ ᠪᠥᠮᠪᠥᠷᠴᠡᠭ ᠤᠨ ᠤᠯᠤᠰ ᠲᠦᠷᠦ ᠠᠵᠤ ᠠᠬᠤᠢ ᠶᠢᠨ ᠲᠥᠯᠥᠪ ᠪᠠᠶᠢᠳᠠᠯ ᠳᠤ ᠶᠠᠭ ᠭᠦᠨᠵᠡᠭᠡᠢ ᠪᠥᠭᠡᠳ | ᠪᠤᠳᠤᠯᠢᠶᠠᠨᠲᠠᠢ ᠬᠤᠪᠢᠷᠠᠯᠲᠠ ᠭᠠᠷᠴᠤ᠂ ᠡᠯ᠎ᠡ ᠤᠯᠤᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠬᠠᠮᠲᠤ ᠶᠢᠨ ᠬᠠᠲᠠᠭᠤ ᠰᠢᠯᠭᠠᠯᠲᠠ ᠢᠯᠡᠳᠲᠡ ᠨᠡᠮᠡᠭᠳᠡᠵᠦ᠂ | ᠬᠥᠭᠵᠢᠯᠲᠡ ᠶᠢᠨ ᠠᠵᠠ ᠲᠣᠬᠢᠶᠠᠯ ᠤᠯᠠᠮ ᠢᠶᠠᠷ ᠬᠤᠪᠣᠷ ᠨᠠᠨᠳᠢᠨ ᠪᠣᠯᠵᠤ᠂ ᠬᠠᠮᠲᠤᠷᠠᠯᠴᠠᠭ᠎ᠠ ᠪᠠᠨ ᠴᠢᠩᠭᠠᠳᠬᠠᠬᠤ ᠨᠢ ᠨᠡᠩ ᠲᠤᠯᠭᠠᠮ᠎ᠠ ᠪᠣᠯᠵᠤ᠂ ᠨᠡᠩ ᠬᠤᠯᠠ ᠶᠢᠨ | ᠬᠠᠷᠠᠴᠠ ᠲᠠᠢ ᠪᠠᠶᠢᠬᠤ ᠶᠢ ᠱᠠᠭᠠᠷᠳᠠᠵᠤ ᠪᠠᠶᠢᠨ᠎ᠠ ᠭᠡᠵᠦ ᠣᠯᠠᠨ ᠢᠶᠠᠷ ᠢᠶᠠᠨ ᠦᠵᠡᠵᠡᠭᠡᠵᠦ ᠪᠤᠢ᠃ ᠢᠩᠭᠢᠵᠦ ᠭᠦᠨᠵᠡᠭᠡᠢ ᠰᠤᠳᠤᠯᠤᠨ ᠶᠠᠷᠢᠯᠴᠠᠬᠤ ᠨᠢ ᠮᠠᠰᠢ ᠤᠳᠬ᠎ᠠ | ᠠᠭᠤᠯᠭ᠎ᠠ ᠲᠠᠢ᠂ ᠲᠡᠭᠦᠨ ᠢ ᠪᠠᠨ ᠦᠢᠯᠡᠳᠪᠦᠷᠢ ᠬᠤᠳᠠᠯᠳᠤᠭᠠᠨ ᠤ ᠡᠲᠡᠭᠡᠳ ᠢ ᠪᠠᠭᠲᠠᠭᠠᠭᠰᠠᠨ ᠡᠯ᠎ᠡ ᠲᠠᠯ᠎ᠠ ᠳᠤ ᠬᠦᠷᠲᠡᠯ᠎ᠡ ᠥᠷᠭᠡᠳᠬᠡᠵᠦ᠂ ᠡᠭᠦᠨ ᠤ ᠤᠯᠠᠮ ᠠᠴᠠ | ᠨᠡᠩ ᠶᠡᠭᠡ ᠬᠡᠪᠴᠢᠶᠡᠨ ᠳᠤ ᠤᠶᠤᠨ ᠤᠬᠠᠭᠠᠨ ᠪᠠ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠪᠠᠯ ᠵᠣᠬᠢᠨ᠎ᠠ ᠭᠡᠵᠦ ᠪᠢ ᠪᠤᠳᠤᠵᠦ ᠪᠠᠶᠢᠨ᠎ᠠ᠃ ᠡᠨᠡ ᠲᠠᠰᠢᠷᠠᠮ ᠢᠶᠠᠷ ᠲᠠ | ᠨᠠᠷ ᠤᠯᠠᠨ ᠲᠠᠢ ᠭᠤᠷᠪᠠᠨ ᠲᠠᠯ᠎ᠠ ᠶᠢᠨ ᠦᠵᠡᠯᠲᠡ ᠪᠠᠨ ᠳᠤᠷᠠᠲᠠᠶ᠎ᠠ ᠬᠤᠪᠢᠶᠠᠯᠴᠠᠶ᠎ᠠ᠃ | ᠨᠢᠭᠡᠳᠦᠭᠡᠷ ᠲᠤ᠂ ᠣᠳᠣᠬᠠᠨ ᠤ ᠴᠠᠭ ᠤᠨ ᠪᠠᠶᠢᠳᠠᠯ ᠳᠣᠣᠷ᠎ᠠ᠂ ᠪᠢᠳᠡ ᠬᠠᠲᠠᠭᠤ ᠰᠢᠯᠭᠠᠯᠲᠠ ᠶᠢ ᠬᠠᠮᠲᠤ ᠪᠠᠷ ᠠᠷᠭᠠᠴᠠᠭᠠᠵᠤ ᠴᠢᠳᠠᠭᠰᠠᠨ ᠨᠢ ᠳᠠᠷᠤᠢ | ᠠᠵᠠ ᠲᠣᠬᠢᠶᠠᠯ ᠢ ᠡᠭᠦᠳᠴᠦ ᠪᠠᠶᠢᠭ᠎ᠠ ᠶᠠᠪᠤᠳᠠᠯ ᠮᠥᠨ᠃ ᠣᠳᠣᠬᠠᠨ ᠳᠤ᠂ ᠠᠵᠤ ᠠᠬᠤᠢ ᠶᠢᠨ ᠳᠡᠯᠡᠬᠡᠶᠢᠵᠢᠯᠲᠡ ᠶᠠᠭ ᠤᠷᠢᠳᠤ ᠡᠮᠦᠨ᠎ᠡ ᠪᠠᠶᠢᠭ᠎ᠠ ᠦᠭᠡᠢ ᠴᠢᠬᠤᠯᠠ | ᠶᠡᠭᠡ ᠳᠠᠭᠠᠷᠢᠯᠲᠠ ᠶᠢ ᠥᠩᠭᠡᠷᠡᠭᠡᠵᠦ᠂ ᠡᠩᠬᠡ ᠲᠠᠶᠢᠪᠤᠩ ᠬᠥᠭᠵᠢᠯᠲᠡ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠵᠡᠷᠭᠡ ᠤᠷᠳᠤ ᠬᠤᠭᠤᠴᠠᠭ᠎ᠠ ᠪᠠᠷ | ᠪᠠᠷᠢᠮᠲᠠᠯᠠᠭᠰᠠᠭᠠᠷ ᠢᠷᠡᠭᠰᠡᠨ ᠦᠷᠳᠡᠭ ᠤᠨ ᠣᠨᠣᠯᠵᠢᠬᠤᠨ ᠬᠦᠨᠳᠦ ᠪᠡᠷᠬᠡ ᠬᠠᠲᠠᠭᠤ ᠰᠢᠯᠭᠠᠯᠲᠠ ᠳᠤ ᠤᠴᠠᠷᠠᠵᠤ ᠪᠠᠶᠢᠨ᠎ᠠ᠃ ᠪᠢᠳᠡ ᠡᠳᠡᠭᠡᠷ ᠠᠰᠠᠭᠤᠳᠠᠯ ᠢ | ᠬᠠᠮᠲᠤ ᠪᠠᠷ ᠰᠠᠶᠢᠲᠤᠷ ᠠᠷᠭᠠᠴᠠᠭᠠᠬᠤ ᠨᠢ ᠭᠤᠷᠪᠠᠨ ᠲᠠᠯ᠎ᠠ ᠶᠢᠨ ᠤᠯᠤᠰ ᠤᠳ ᠲᠤ ᠴᠢᠬᠤᠯᠠ ᠠᠵᠠ ᠲᠣᠬᠢᠶᠠᠯ ᠠᠪᠴᠢᠷᠠᠬᠤ ᠪᠣᠯᠣᠨ᠎ᠠ᠃ ᠭᠠᠵᠠᠷ ᠣᠷᠣᠨ ᠤ | ᠮᠥᠷᠭᠦᠯᠳᠦᠭᠡᠨ ᠪᠠ ᠡᠰᠡᠷᠭᠦᠴᠡᠯᠳᠦᠯ ᠬᠤᠷᠴᠠᠳᠴᠤ ᠪᠠᠶᠢᠭ᠎ᠠ ᠪᠠᠶᠢᠳᠠᠯ ᠤᠨ ᠡᠮᠦᠨ᠎ᠡ ᠪᠢᠳᠡ ᠢᠲᠡᠭᠡᠯᠴᠡᠭᠡ ᠪᠠᠨ ᠭᠦᠨᠵᠡᠭᠡᠶᠢᠷᠡᠭᠦᠯᠦᠨ᠂ ᠪᠦᠯᠬᠦᠮᠳᠡᠯ ᠢᠶᠠᠨ | ᠴᠢᠩᠭᠠᠳᠬᠠᠪᠠᠯ ᠰᠠᠶ᠋ᠢ ᠠᠯᠤᠰ ᠤᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠡᠭᠦᠳᠴᠦ ᠴᠢᠳᠠᠬᠤ ᠶᠤᠮ᠃ ᠥᠩᠭᠡᠷᠡᠭᠰᠡᠨ ᠬᠡᠳᠦᠨ ᠠᠷᠪᠠᠨ ᠵᠢᠯ ᠤᠨ ᠠᠽᠢᠶ᠎ᠠ | ᠲᠢᠪ ᠤᠨ ᠲᠦᠷᠭᠡᠨ ᠬᠥᠭᠵᠢᠯᠲᠡ ᠶᠢᠨ ᠥᠩᠭᠡᠷᠡᠯᠲᠡ ᠨᠢ ᠪᠦᠯᠬᠦᠮᠳᠡᠨ ᠢᠲᠡᠭᠡᠯᠴᠡᠬᠦ ᠪᠠ ᠡᠩᠬᠡ ᠲᠣᠭᠲᠠᠭᠤᠨ ᠪᠠᠶᠢᠪᠠᠯ ᠰᠠᠶ᠋ᠢ ᠬᠥᠭᠵᠢᠯ ᠴᠡᠴᠡᠭᠯᠡᠯ ᠢ ᠠᠪᠴᠢᠷᠠᠵᠤ | ᠴᠢᠳᠠᠨ᠎ᠠ ᠭᠡᠳᠡᠭ ᠢ ᠭᠦᠨᠵᠡᠭᠡᠢ ᠬᠠᠷᠠᠭᠤᠯᠤᠭᠰᠠᠨ ᠪᠠᠶᠢᠨ᠎ᠠ᠃ ᠡᠯ᠎ᠡ ᠤᠯᠤᠰ ᠪᠣᠯ ᠬᠤᠪᠢ ᠵᠠᠶᠠᠭ᠎ᠠ ᠪᠠᠨ ᠬᠤᠯᠪᠣᠭᠰᠠᠨ ᠪᠦᠬᠦᠯᠢ ᠴᠣᠭᠴᠠ ᠮᠥᠨ᠂ ᠬᠡᠷᠪᠡ ᠢᠲᠡᠭᠡᠯᠴᠡᠭᠡ | ᠳᠤᠲᠠᠭᠳᠠᠪᠠᠯ ᠵᠥᠷᠢᠴᠡᠯ ᠡᠭᠦᠰᠦᠨ ᠶᠡᠬᠡᠰᠴᠦ᠂ ᠬᠠᠮᠲᠤᠷᠠᠯᠴᠠᠭ᠎ᠠ ᠬᠢᠬᠦ ᠶᠢᠨ ᠠᠷᠭ᠎ᠠ ᠦᠭᠡᠢ ᠪᠣᠯᠣᠨ᠎ᠠ︔ ᠪᠦᠯᠬᠦᠮᠳᠡᠨ ᠢᠲᠡᠭᠡᠯᠴᠡᠬᠦ ᠪᠠᠨ ᠴᠢᠩᠭᠠᠳᠬᠠᠪᠠᠯ᠂ ᠪᠠᠶᠢᠯᠳᠤᠬᠤ | ᠪᠣᠳᠣᠯᠭ᠎ᠠ ᠶᠢᠨ ᠲᠠᠯ᠎ᠠ ᠪᠠᠷ ᠬᠠᠷᠢᠯᠴᠠᠨ ᠳᠡᠮᠵᠢᠵᠦ᠂ ᠨᠡᠩ ᠶᠡᠭᠡ ᠬᠡᠪᠴᠢᠶᠡᠨ ᠤ᠂ ᠨᠡᠩ ᠦᠷᠭᠦᠯᠵᠢᠯᠡᠬᠦᠶᠢᠴᠡ ᠥᠨᠳᠥᠷ ᠲᠦᠪᠰᠢᠨᠲᠦ ᠠᠵᠤ ᠠᠬᠤᠢ ᠶᠢᠨ | ᠬᠠᠮᠲᠤᠷᠠᠯᠴᠠᠭ᠎ᠠ ᠶᠢ ᠪᠤᠢ ᠪᠣᠯᠭᠠᠵᠤ᠂ ᠤᠷᠳᠤ ᠬᠤᠭᠤᠴᠠᠭᠠᠨ ᠤ ᠲᠣᠭᠲᠠᠭᠤᠨ ᠬᠥᠭᠵᠢᠯᠲᠡ ᠶᠢ ᠪᠡᠶᠡᠯᠡᠭᠦᠯᠵᠦ ᠴᠢᠳᠠᠨ᠎ᠠ᠃ ᠬᠠᠮᠠᠭᠠᠯᠠᠬᠤ ᠦᠵᠡᠯ ᠪᠠ ᠭᠠᠭᠴᠠ ᠲᠠᠯᠠᠲᠤ | ᠦᠵᠡᠯ ᠴᠣᠬᠤᠶᠢᠨ ᠥᠨᠳᠡᠶᠢᠵᠦ ᠪᠠᠶᠢᠭ᠎ᠠ ᠦᠶ᠎ᠡ ᠳᠤ ᠪᠢᠳᠡ ᠨᠡᠭᠡᠭᠡᠯᠲᠡ ᠶᠢ ᠥᠷᠭᠡᠳᠬᠡᠬᠦ᠂ ᠬᠤᠷᠢᠭ᠎ᠠ ᠶᠢ ᠠᠷᠢᠯᠭᠠᠬᠤ ᠶᠢ ᠪᠠᠷᠢᠮᠲᠠᠯᠠᠪᠠᠯ ᠰᠠᠶ᠋ᠢ ᠥᠷᠭᠡᠨ ᠠᠭᠤᠳᠠᠮ | ᠵᠠᠬ᠎ᠠ ᠳᠡᠯᠭᠡᠭᠦᠷ ᠤᠨ ᠠᠵᠠ ᠲᠣᠬᠢᠶᠠᠯ ᠢ ᠡᠭᠦᠳᠴᠦ ᠴᠢᠳᠠᠨ᠎ᠠ᠃ ᠭᠤᠷᠪᠠᠨ ᠲᠠᠯ᠎ᠠ ᠶᠢᠨ ᠤᠯᠤᠰ ᠤᠳ ᠪᠣᠯ ᠴᠥᠮ ᠠᠵᠤ ᠠᠬᠤᠢ ᠶᠢᠨ ᠳᠡᠯᠡᠬᠡᠶᠢᠵᠢᠯᠲᠡ ᠶᠢᠨ ᠠᠰᠢᠭ | ᠬᠦᠷᠳᠡᠭᠴᠢ ᠮᠥᠨ᠂ ᠳᠡᠯᠡᠬᠡᠢ ᠶᠢᠨ ᠵᠠᠬ᠎ᠠ ᠳᠡᠯᠭᠡᠭᠦᠷ ᠲᠤ ᠠᠭᠤᠰᠤᠯᠴᠠᠬᠤ ᠶᠠᠪᠤᠴᠠ ᠳᠤ ᠬᠥᠭᠵᠢᠯᠲᠡ ᠶᠢᠨ ᠮᠠᠰᠢ ᠶᠡᠭᠡ ᠠᠵᠠ ᠲᠣᠬᠢᠶᠠᠯ ᠢ ᠣᠯᠪᠠ᠃ ᠭᠤᠷᠪᠠᠨ | ᠲᠠᠯ᠎ᠠ ᠶᠢᠨ ᠵᠠᠬ᠎ᠠ ᠳᠡᠯᠭᠡᠭᠦᠷ ᠤᠨ ᠬᠤᠯᠪᠣᠯᠳᠤᠨ ᠨᠡᠪᠲᠡᠷᠡᠯᠴᠡᠬᠦ ᠨᠢ ᠪᠦᠬᠦ ᠪᠥᠮᠪᠥᠷᠴᠡᠭ ᠲᠠᠬᠢ ᠬᠡᠪᠴᠢᠶ᠎ᠡ ᠪᠠᠷ ᠬᠠᠮᠤᠭ ᠤᠨ ᠶᠡᠭᠡ ᠣᠷᠣᠨ ᠪᠦᠰᠡ ᠶᠢᠨ ᠵᠠᠬ᠎ᠠ | ᠳᠡᠯᠭᠡᠭᠦᠷ ᠤᠨ ᠨᠢᠭᠡ ᠶᠢ ᠪᠦᠷᠢᠯᠳᠦᠭᠦᠯᠵᠦ᠂ ᠳᠠᠬᠢᠨ ᠢᠶᠠᠷ ᠨᠡᠮᠡᠭᠳᠡᠭᠦᠯᠬᠦ ᠦᠢᠯᠡᠳᠦᠯ ᠢ ᠪᠠᠳᠠᠷᠠᠭᠤᠯᠵᠤ᠂ ᠡᠯ᠎ᠡ ᠤᠯᠤᠰ ᠤᠨ ᠲᠣᠮᠣ ᠵᠠᠬ᠎ᠠ ᠳᠡᠯᠭᠡᠭᠦᠷ ᠢ ᠬᠠᠮᠲᠤ ᠪᠠᠷ | ᠪᠠᠶᠢᠭᠤᠯᠬᠤ ᠶᠠᠪᠤᠴᠠ ᠳᠤ ᠪᠠᠨ ᠨᠡᠩ ᠡᠯᠪᠡᠭ ᠠᠰᠢᠭ ᠲᠤᠰᠠ ᠶᠢ ᠬᠠᠮᠲᠤ ᠪᠠᠷ ᠡᠳ᠋ᠯᠡᠬᠦ ᠪᠣᠯᠣᠨ᠎ᠠ᠃ ︽ᠬᠠᠷᠢᠴᠠᠭ᠎ᠠ ᠪᠠᠨ ᠰᠠᠯᠭᠠᠵᠤ ᠬᠡᠯᠬᠢᠶ᠎ᠡ ᠪᠠᠨ ᠲᠠᠰᠤᠯᠬᠤ︾ ᠪᠠ | ︽ᠬᠡᠷᠡᠮ ᠪᠣᠰᠬᠠᠨ ᠬᠤᠷᠢᠭ᠎ᠠ ᠪᠠᠶᠢᠭᠤᠯᠬᠤ︾ ᠪᠠᠶᠢᠳᠠᠯ ᠣᠯᠠᠰᠢᠷᠠᠭᠰᠠᠨ ᠪᠠᠶᠢᠳᠠᠯ ᠤᠨ ᠡᠮᠦᠨ᠎ᠡ ᠪᠢᠳᠡ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠬᠠᠷᠢᠯᠴᠠᠨ | ᠡᠷᠴᠢᠮᠵᠢᠭᠦᠯᠬᠦ ᠶᠢ ᠪᠠᠷᠢᠮᠲᠠᠯᠠᠪᠠᠯ ᠰᠠᠶ᠋ᠢ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠠᠵᠠ ᠲᠣᠬᠢᠶᠠᠯ ᠢ ᠡᠭᠦᠳᠴᠦ ᠴᠢᠳᠠᠨ᠎ᠠ᠃ ᠡᠯ᠎ᠡ ᠤᠯᠤᠰ ᠤᠨ ᠡᠬᠢ | ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠪᠦᠲᠦᠴᠡ ᠨᠢ ᠪᠦᠷ ᠠᠳᠠᠯᠢ ᠪᠤᠰᠤ ᠪᠠᠶᠢᠳᠠᠭ᠃ ᠤᠯᠠᠨ ᠤᠯᠤᠰ ᠤᠨ ᠠᠵᠤ ᠦᠢᠯᠡᠰ ᠤᠨ ᠬᠠᠮᠲᠤᠷᠠᠯᠴᠠᠭ᠎ᠠ ᠳᠤ | ᠢᠳᠡᠪᠬᠢᠲᠡᠢ ᠣᠷᠣᠯᠴᠠᠵᠤ᠂ ᠲᠤᠰ ᠪᠡᠶ᠎ᠡ ᠶᠢᠨ ᠳᠠᠪᠠᠭᠤᠯᠢᠭ ᠢᠶᠠᠷ ᠢᠶᠠᠨ ᠪᠤᠰᠤᠳ ᠤᠯᠤᠰ ᠢ ᠡᠷᠴᠢᠮᠵᠢᠭᠦᠯᠵᠦ᠂ ᠪᠤᠰᠤᠳ ᠤᠯᠤᠰ ᠤᠨ ᠳᠠᠪᠠᠭᠤᠯᠢᠭ ᠢᠶᠠᠷ ᠥᠪᠡᠷ ᠢ ᠪᠠᠨ | ᠬᠥᠭᠵᠢᠭᠦᠯᠪᠡᠯ᠂ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠪᠡᠶᠡᠯᠡᠭᠦᠯᠵᠦ᠂ ᠡᠯ᠎ᠡ ᠤᠯᠤᠰ ᠤᠨ ᠠᠵᠤ ᠦᠢᠯᠡᠰ ᠤᠨ ᠦᠢᠯᠡᠳᠦᠯ ᠴᠢᠳᠠᠪᠤᠷᠢ ᠪᠠ | ᠦᠷᠭᠦᠯᠵᠢᠯᠡᠬᠦᠶᠢᠴᠡ ᠬᠥᠭᠵᠢᠯᠲᠡ ᠶᠢᠨ ᠬᠥᠳᠡᠯᠭᠡᠭᠴᠢ ᠬᠦᠴᠦᠨ ᠢ ᠨᠡᠮᠡᠭᠳᠡᠭᠦᠯᠵᠦ ᠴᠢᠳᠠᠨ᠎ᠠ᠃ | ᠬᠤᠶᠠᠳᠤᠭᠠᠷ ᠲᠤ᠂ ᠳᠤᠮᠳᠠᠳᠤ ᠤᠯᠤᠰ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ᠂ ᠲᠠᠯᠠᠢ ᠶᠢᠨ ᠪᠤᠯᠤᠩ ᠤᠨ ᠠᠷᠠᠪ | ᠤᠯᠤᠰ ᠤᠳ ᠤᠨ ᠬᠠᠮᠲᠤᠷᠠᠯᠴᠠᠭᠠᠨ ᠤ ᠵᠥᠪᠯᠡᠯ ᠤᠨ ᠤᠯᠤᠰ ᠤᠳ ᠤᠨ ᠨᠥᠬᠦᠷᠰᠡᠭ ᠬᠠᠮᠲᠤᠷᠠᠯᠴᠠᠭ᠎ᠠ ᠥᠨᠢ ᠤᠳᠠᠭᠠᠨ ᠲᠡᠦᠬᠡ ᠲᠠᠢ ᠪᠠᠶᠢᠵᠤ᠂ ᠨᠡᠩ ᠰᠠᠶᠢᠨ | ᠢᠷᠡᠭᠡᠳᠦᠢ ᠲᠠᠢ ᠪᠣᠯᠬᠤ ᠪᠣᠯᠣᠨ᠎ᠠ᠃ 2000 ᠭᠠᠷᠤᠢ ᠵᠢᠯ ᠤᠨ ᠡᠮᠦᠨ᠎ᠡ ᠳᠤᠮᠳᠠᠳᠤ ᠤᠯᠤᠰ ᠤᠨ ᠠᠩᠬᠠᠳᠠᠭᠴᠢ ᠲᠡᠮᠡᠭᠡᠨ ᠵᠢᠩ ᠳᠤᠮᠳᠠᠳᠤ ᠳᠣᠷᠣᠨᠠᠲᠤ ᠳᠤ ᠬᠦᠷᠴᠦ᠂ | ᠠᠩᠬᠠᠳᠠᠭᠴᠢ ᠣᠩᠭᠤᠴᠠᠨ ᠠᠩᠭᠢ ᠡᠮᠦᠨᠡᠲᠦ ᠲᠠᠯᠠᠢ ᠳᠠᠭᠠᠤ ᠣᠷᠣᠨ ᠳᠤ ᠬᠦᠷᠦᠭᠰᠡᠨ ᠠᠴᠠ ᠡᠬᠢᠯᠡᠨ᠂ ᠭᠤᠷᠪᠠᠨ ᠲᠠᠯ᠎ᠠ ᠶᠢᠨ ᠤᠯᠤᠰ ᠤᠳ ᠤᠨ ᠠᠵᠤ ᠠᠬᠤᠢ | ᠠᠷᠠᠯᠵᠢᠶ᠎ᠠ ᠪᠠ ᠬᠥᠮᠥᠨ ᠰᠣᠶᠣᠯ ᠤᠨ ᠶᠠᠪᠤᠯᠴᠠᠭ᠎ᠠ 20 ᠭᠠᠷᠤᠢ ᠵᠠᠭᠤᠨ ᠢ ᠳᠠᠪᠠᠵᠤ᠂ ᠢᠮᠠᠭᠲᠠ ᠲᠠᠰᠤᠷᠠᠯᠳᠡ ᠦᠭᠡᠢ ᠦᠷᠭᠦᠯᠵᠢᠯᠡᠵᠦ᠂ ᠶᠠᠪᠤᠬᠤ ᠳᠤᠳᠤᠮ ᠰᠢᠨᠡᠳᠴᠦ | ᠢᠷᠡᠪᠡ᠃ ᠲᠡᠦᠬᠡ ᠶᠢᠨ ᠭᠦᠨ ᠵᠤᠵᠠᠭᠠᠨ ᠥᠪ ᠤᠯᠠᠮᠵᠢᠯᠠᠯ ᠠᠴᠠ ᠦᠵᠡᠬᠦ ᠳᠤ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠯᠠᠪᠳᠠᠶ᠎ᠠ ᠦᠷᠭᠦᠯᠵᠢᠯᠡᠨ ᠭᠢᠯᠠᠯᠵᠠᠮ᠎ᠠ | ᠠᠮᠵᠢᠯᠲᠠ ᠣᠯᠬᠤ ᠶᠤᠮ᠃ ᠪᠢᠳᠡ ᠨᠡᠩ ᠭᠦᠢᠴᠡᠳ ᠬᠥᠭᠵᠢᠯᠲᠡ ᠶᠢᠨ ᠣᠷᠣᠨ ᠵᠠᠢ ᠲᠠᠢ ᠪᠣᠯᠬᠤ ᠪᠣᠯᠣᠨ᠎ᠠ᠃ ᠭᠤᠷᠪᠠᠨ ᠲᠠᠯ᠎ᠠ ᠶᠢᠨ ᠤᠯᠤᠰ ᠤᠳ ᠤᠨ ᠶᠡᠷᠦᠩᠬᠡᠢ | ᠬᠥᠮᠥᠨ ᠠᠮᠠ ᠪᠠ ᠠᠵᠤ ᠠᠬᠤᠢ ᠶᠢᠨ ᠶᠡᠷᠦᠩᠬᠡᠢ ᠬᠡᠮᠵᠢᠶ᠎ᠡ ᠨᠢ ᠪᠦᠬᠦ ᠪᠥᠮᠪᠥᠷᠴᠡᠭ ᠤᠨ ᠳᠥᠷᠪᠡᠨ ᠤ ᠨᠢᠭᠡ ᠶᠢ ᠡᠵᠡᠯᠡᠵᠦ ᠪᠠᠶᠢᠭ᠎ᠠ ᠪᠣᠯᠪᠠᠴᠤ᠂ ᠣᠳᠣᠬᠠᠨ ᠳᠤ | ᠠᠷᠠᠯᠵᠢᠶᠠᠨ ᠤ ᠶᠡᠷᠦᠩᠬᠡᠢ ᠬᠡᠮᠵᠢᠶ᠎ᠡ ᠨᠢ ᠪᠦᠬᠦ ᠪᠥᠮᠪᠥᠷᠴᠡᠭ ᠤᠨ ᠪᠠᠷᠤᠭ 5% ᠶᠢ ᠯᠠ ᠡᠵᠡᠯᠡᠵᠦ ᠪᠠᠶᠢᠭ᠎ᠠ ᠪᠣᠯᠬᠤᠷ ᠪᠠᠰᠠ ᠮᠠᠰᠢ ᠶᠡᠭᠡ ᠳᠠᠯᠳᠠ ᠬᠦᠴᠦᠨ ᠲᠠᠢ ᠪᠢᠯᠡ᠃ | ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠶᠢᠨ ᠦᠷᠭᠦᠯᠵᠢᠯᠡᠨ ᠭᠦᠨᠵᠡᠭᠡᠶᠢᠷᠡᠬᠦ ᠶᠢ ᠳᠠᠭᠠᠯᠳᠤᠨ᠂ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠲᠠᠰᠤᠷᠠᠰᠢ ᠦᠭᠡᠢ | ᠨᠡᠮᠡᠭᠳᠡᠯ ᠢ ᠪᠣᠢ ᠪᠣᠯᠭᠠᠵᠤ᠂ ᠡᠯ᠎ᠡ ᠤᠯᠤᠰ ᠤᠨ ᠬᠥᠭᠵᠢᠯᠲᠡ ᠵᠢᠴᠢ ᠠᠵᠤ ᠠᠬᠤᠶᠢᠯᠠᠯ ᠤᠨ ᠪᠤᠶᠢᠵᠢᠯᠲᠠ ᠶᠢ ᠬᠦᠴᠦᠲᠡᠢ ᠠᠬᠢᠭᠤᠯᠬᠤ ᠪᠣᠯᠣᠨ᠎ᠠ᠃ ᠪᠢᠳᠡ ᠨᠡᠩ ᠥᠨᠳᠥᠷ | ᠬᠢᠷᠢ ᠲᠦᠪᠰᠢᠨ ᠪᠦᠬᠦᠢ ᠠᠵᠤ ᠠᠬᠤᠢ ᠶᠢᠨ ᠦᠷ᠎ᠡ ᠠᠰᠢᠭ ᠲᠠᠢ ᠪᠣᠯᠬᠤ ᠪᠣᠯᠣᠨ᠎ᠠ᠃ ᠭᠤᠷᠪᠠᠨ ᠲᠠᠯ᠎ᠠ ᠶᠢᠨ ᠤᠯᠤᠰ ᠤᠳ ᠤᠨ ᠬᠦᠴᠦᠨ ᠵᠦᠢᠯ ᠤᠨ ᠰᠠᠭᠠᠳ ᠦᠭᠡᠢ | ᠰᠢᠯᠵᠢᠯᠲᠡ ᠪᠠ ᠠᠵᠤ ᠦᠢᠯᠡᠰ ᠤᠨ ᠵᠣᠯᠭᠠᠯᠴᠠᠭ᠎ᠠ ᠬᠠᠮᠵᠢᠯᠴᠠᠭ᠎ᠠ ᠨᠢ ᠥᠪᠡᠷ ᠤᠨ ᠦᠷᠳᠡᠭ ᠢᠶᠠᠷ ᠨᠡᠩ ᠳᠣᠣᠷ᠎ᠠ ᠡᠨᠧᠷᠭᠢ ᠶᠢᠨ ᠡᠬᠢ ᠪᠠᠶᠠᠯᠢᠭ᠂ ᠪᠠᠷᠠᠭᠠᠨ ᠤ | ᠭᠦᠢᠯᠭᠡᠭᠡᠨ ᠤ ᠨᠡᠩ ᠥᠨᠳᠥᠷ ᠪᠦᠲᠦᠮᠵᠢᠲᠡᠢ ᠲᠣᠭᠲᠠᠯᠴᠠᠭ᠎ᠠ᠂ ᠮᠥᠩᠭᠦᠨ ᠭᠦᠢᠯᠭᠡᠭᠡᠨ ᠤ ᠨᠡᠩ ᠳᠥᠭᠦᠮ ᠳᠥᠲᠡ ᠦᠢᠯᠡᠴᠢᠯᠡᠭᠡ᠂ ᠨᠡᠩ ᠲᠡᠷᠢᠭᠦᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠪᠣᠢ ᠪᠣᠯᠭᠠᠬᠤ ᠶᠢ ᠬᠠᠷᠠᠭᠤᠯᠵᠤ ᠪᠣᠢ᠂ ᠡᠨᠡ ᠨᠢ ᠭᠤᠷᠪᠠᠨ ᠲᠠᠯ᠎ᠠ ᠶᠢᠨ ᠠᠵᠤ ᠠᠬᠤᠢ ᠶᠢᠨ ᠥᠷᠢᠰᠦᠯᠳᠦᠬᠦ | ᠬᠦᠴᠦᠨ ᠪᠠ ᠤᠶᠠᠨ ᠬᠠᠳᠠᠨ ᠴᠢᠨᠠᠷ ᠢ ᠢᠯᠡᠳᠲᠡ ᠳᠡᠭᠡᠭᠰᠢᠯᠡᠭᠦᠯᠵᠦ᠂ ᠨᠡᠩ ᠦᠷ᠎ᠡ ᠠᠰᠢᠭ ᠲᠠᠢ ᠨᠡᠩ ᠠᠮᠤᠷ ᠲᠦᠪᠰᠢᠨ ᠬᠥᠭᠵᠢᠯᠲᠡ ᠶᠢ ᠪᠡᠶᠡᠯᠡᠭᠦᠯᠬᠦ ᠪᠣᠯᠣᠨ᠎ᠠ᠃ | ᠪᠢᠳᠡ ᠨᠡᠩ ᠰᠠᠶᠢᠨ ᠠᠮᠢᠵᠢᠷᠠᠯ ᠤᠨ ᠬᠦᠴᠦᠨ ᠲᠠᠢ ᠰᠢᠨ᠎ᠡ ᠡᠭᠦᠳᠦᠯᠲᠡ ᠶᠢᠨ ᠠᠮᠢ ᠠᠬᠤᠢ ᠲᠠᠢ ᠪᠣᠯᠬᠤ ᠪᠣᠯᠣᠨ᠎ᠠ᠃ ᠭᠤᠷᠪᠠᠨ ᠲᠠᠯ᠎ᠠ ᠶᠢᠨ ᠤᠯᠤᠰ ᠤᠳ ᠤᠨ ᠰᠢᠨ᠎ᠡ | ᠡᠭᠦᠳᠦᠯᠲᠡ ᠨᠢ ᠴᠥᠮ ᠮᠠᠰᠢ ᠬᠥᠭᠵᠢᠶᠡᠨᠲᠡᠢ ᠪᠥᠭᠡᠳ ᠥᠪᠡᠷ ᠥᠪᠡᠷ ᠤᠨ ᠣᠨᠴᠠᠯᠢᠭ ᠲᠠᠢ ᠶᠤᠮ᠃ ᠬᠠᠮᠲᠤᠷᠠᠯᠴᠠᠭ᠎ᠠ ᠪᠠᠨ ᠴᠢᠩᠭᠠᠳᠬᠠᠬᠤ ᠨᠢ ᠡᠯ᠎ᠡ ᠤᠯᠤᠰ ᠤᠨ | ᠰᠢᠨ᠎ᠡ ᠶᠢ ᠡᠭᠦᠳᠬᠦ ᠴᠢᠳᠠᠪᠤᠷᠢᠲᠠᠨ ᠤ ᠰᠣᠯᠢᠯᠴᠠᠭ᠎ᠠ ᠬᠢᠵᠦ ᠬᠠᠷᠢᠯᠴᠠᠨ ᠲᠣᠯᠢᠳᠠᠬᠤ᠂ ᠳᠠᠪᠠᠭᠤᠯᠢᠭ ᠢᠶᠠᠨ ᠠᠭᠤᠰᠤᠯᠴᠠᠭᠤᠯᠤᠨ ᠬᠠᠷᠢᠯᠴᠠᠨ ᠨᠥᠬᠦᠪᠦᠷᠢᠯᠡᠬᠦ ᠶᠢ | ᠠᠬᠢᠭᠤᠯᠵᠤ᠂ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠳᠤ ᠰᠤᠳᠤᠯᠤᠨ ᠨᠡᠭᠡᠭᠡᠬᠦ ᠴᠢᠨᠠᠷᠯᠢᠭ ᠲᠤᠯᠭᠠᠭᠤᠷᠢᠯᠠᠯ ᠪᠠ ᠬᠡᠷᠡᠭᠯᠡᠯᠲᠡ ᠶᠢᠨ ᠣᠯᠠᠨ ᠠᠬᠤᠢ ᠪᠠᠶᠢᠳᠠᠯ ᠢ | ᠬᠠᠩᠭᠠᠨ ᠥᠭᠴᠦ᠂ ᠨᠡᠩ ᠤᠯᠠᠨ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠪᠠᠶᠢᠳᠠᠯ ᠢ ᠪᠣᠶᠢᠵᠢᠭᠤᠯᠵᠤ᠂ ᠪᠦᠬᠦ ᠪᠥᠮᠪᠥᠷᠴᠡᠭ ᠤᠨ ᠰᠢᠨ᠎ᠡ ᠶᠢ ᠡᠭᠦᠳᠬᠦ ᠲᠥᠯᠥᠪ | ᠪᠠᠶᠢᠳᠠᠯ ᠳᠠᠬᠢ ᠭᠤᠷᠪᠠᠨ ᠲᠠᠯ᠎ᠠ ᠶᠢᠨ ᠬᠢᠨ ᠤ ᠪᠣᠳᠠᠲᠤ ᠬᠦᠴᠦᠨ ᠪᠠ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠣᠨ᠎ᠠ᠃ | ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠶᠢᠨ ᠢᠯᠡᠷᠡᠭᠡᠳᠦᠢ ᠣᠷᠣᠨ ᠵᠠᠢ ᠬᠢᠵᠠᠭᠠᠷ ᠦᠭᠡᠢ ᠪᠠᠶᠢᠵᠤ᠂ ᠪᠢᠳᠡ ᠪᠣᠳᠠᠲᠤ ᠠᠵᠢᠯᠯᠠᠭ᠎ᠠ ᠪᠠᠷ ᠢᠷᠡᠭᠡᠳᠦᠢ ᠪᠠᠨ | ᠨᠡᠩ ᠰᠠᠶᠢᠲᠤᠷ ᠡᠵᠡᠮᠳᠡᠨ ᠴᠣᠭᠴᠠᠯᠠᠬᠤ ᠴᠢᠬᠤᠯᠠᠲᠠᠢ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ | ᠬᠤᠯᠪᠣᠭ᠎ᠠ᠂ ᠲᠠᠯᠠᠢ ᠶᠢᠨ ᠪᠤᠯᠤᠩ ᠤᠨ ᠠᠷᠠᠪ ᠤᠯᠤᠰ ᠤᠳ ᠤᠨ ᠬᠠᠮᠲᠤᠷᠠᠯᠴᠠᠭᠠᠨ ᠤ ᠵᠥᠪᠯᠡᠯ ᠤᠨ ᠤᠯᠤᠰ ᠤᠳ ᠯᠤᠭ᠎ᠠ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢᠨ ᠵᠣᠯᠭᠠᠯᠴᠠᠭ᠎ᠠ ᠪᠠᠨ ᠬᠠᠮᠲᠤ ᠪᠠᠷ ᠴᠢᠩᠭᠠᠳᠬᠠᠵᠤ᠂ ᠣᠷᠣᠨ ᠪᠦᠰᠡ ᠶᠢᠨ ᠨᠢᠭᠡ ᠴᠣᠭᠴᠠᠵᠢᠯᠲᠠ ᠶᠢᠨ ᠬᠠᠮᠲᠤᠷᠠᠯᠴᠠᠭ᠎ᠠ ᠶᠢ ᠬᠠᠮᠲᠤ ᠪᠠᠷ | ᠭᠦᠨᠵᠡᠭᠡᠶᠢᠷᠡᠭᠦᠯᠵᠦ᠂ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠴᠢᠯᠦᠭᠡᠵᠢᠯᠲᠡ ᠪᠠ ᠳᠥᠭᠦᠮᠴᠢᠯᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠭᠦᠨ ᠤ | ᠵᠡᠷᠭᠡ ᠪᠠᠷ ᠪᠢᠳᠡ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠭᠤᠣᠯ ᠪᠣᠯᠭᠠᠭᠰᠠᠨ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠡᠷᠡᠰ | ᠬᠠᠮᠠᠭᠠᠯᠠᠵᠤ᠂ ᠲᠣᠭᠲᠠᠭᠤᠨ ᠪᠥᠭᠡᠳ ᠡᠮᠬᠢ ᠵᠢᠷᠤᠮ ᠲᠠᠢ ᠤᠯᠠᠨ ᠤᠯᠤᠰ ᠤᠨ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠬᠤ ᠶᠢ ᠠᠬᠢᠭᠤᠯᠬᠤ | ᠴᠢᠬᠤᠯᠠᠲᠠᠢ ᠪᠠᠶᠢᠨ᠎ᠠ᠃ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠶᠢᠨ ᠡᠮᠦᠨ᠎ᠡ᠂ | ᠪᠢᠳᠡ ᠬᠠᠮᠲᠤ ᠪᠠᠷ ᠲᠡᠷᠢᠭᠦᠨ ᠲᠣᠬᠢᠶᠠᠯ ᠢ ᠠᠮᠵᠢᠵᠤ᠂ ᠳᠡᠭᠡᠳᠦ ᠮᠡᠷᠭᠡᠵᠢᠯ ᠤᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠵᠦ᠂ ᠠᠵᠤ ᠦᠢᠯᠡᠰ ᠤᠨ ᠬᠡᠯᠬᠢᠶ᠎ᠡ | ᠪᠠ ᠬᠠᠩᠭᠠᠯᠭ᠎ᠠ ᠶᠢᠨ ᠬᠡᠯᠬᠢᠶᠡᠨ ᠤ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠵᠤ᠂ ᠭᠤᠷᠪᠠᠨ ᠲᠠᠯ᠎ᠠ ᠶᠢᠨ ᠬᠠᠮᠲᠤ ᠶᠢᠨ ᠬᠥᠭᠵᠢᠯᠲᠡ ᠶᠢᠨ ᠰᠢᠨ᠎ᠡ | ᠪᠠᠶᠢᠳᠠᠯ ᠢ ᠲᠠᠰᠤᠷᠠᠯᠲᠠ ᠦᠭᠡᠢ ᠡᠭᠦᠳᠦᠨ᠎ᠡ᠃ | ᠭᠤᠷᠪᠠᠳᠤᠭᠠᠷ ᠲᠤ᠂ ᠳᠤᠮᠳᠠᠳᠤ ᠤᠯᠤᠰ ᠲᠤᠰ ᠪᠡᠶ᠎ᠡ ᠶᠢᠨ ᠴᠢᠨᠠᠷ ᠰᠠᠶᠢᠲᠠᠢ ᠬᠥᠭᠵᠢᠯᠲᠡ ᠪᠠᠷ ᠢᠶᠠᠨ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠳᠤ | ᠲᠠᠰᠤᠷᠠᠯᠲᠠ ᠦᠭᠡᠢ ᠰᠢᠨ᠎ᠡ ᠬᠥᠳᠡᠯᠭᠡᠭᠴᠢ ᠬᠦᠴᠦᠨ ᠨᠡᠮᠡᠷᠢᠯᠡᠨ᠎ᠡ᠃ ᠬᠥᠭᠵᠢᠯᠲᠡ ᠶᠢᠨ ᠪᠠᠶᠢᠳᠠᠯ ᠠᠴᠠ ᠠᠪᠴᠤ ᠬᠡᠯᠡᠪᠡᠯ᠂ ᠡᠨᠡ ᠵᠢᠯ ᠠᠴᠠ ᠨᠠᠭᠠᠰᠢ᠂ ᠳᠤᠮᠳᠠᠳᠤ | ᠤᠯᠤᠰ ᠤᠨ ᠠᠵᠤ ᠠᠬᠤᠢ ᠦᠷᠭᠦᠯᠵᠢᠯᠡᠨ ᠰᠠᠶᠢᠵᠢᠷᠠᠵᠤ᠂ ᠨᠢᠭᠡᠳᠦᠭᠡᠷ ᠤᠯᠠᠷᠢᠯ ᠳᠤ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠠᠳᠠᠯᠢ | ᠬᠤᠭᠤᠴᠠᠭᠠᠨ ᠤ ᠬᠢ ᠠᠴᠠ 5.4% ᠪᠠᠷ ᠨᠡᠮᠡᠭᠳᠡᠵᠦ᠂ ᠪᠦᠬᠦ ᠪᠥᠮᠪᠥᠷᠴᠡᠭ ᠤᠨ ᠭᠤᠣᠯ ᠪᠣᠯᠬᠤ ᠠᠵᠤ ᠠᠬᠤᠢ ᠶᠢᠨ ᠴᠣᠭᠴᠠ ᠶᠢᠨ ᠡᠮᠦᠨ᠎ᠡ ᠡᠩᠨᠡᠭᠡᠨ ᠳᠤ ᠣᠷᠣᠵᠠᠢ᠃ | ᠠᠵᠤ ᠦᠢᠯᠡᠳᠪᠦᠷᠢ ᠡᠷᠴᠢᠮᠲᠡᠢ ᠬᠥᠭᠵᠢᠯᠲᠡ ᠪᠠᠨ ᠪᠠᠲᠤᠯᠠᠵᠤ᠂ 1 – 4 ᠳ᠋ᠦ᠋ᠭᠡᠷ ᠰᠠᠷ᠎ᠠ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠦᠷᠳᠡᠭ ᠠᠳᠠᠯᠢ ᠬᠤᠭᠤᠴᠠᠭᠠᠨ ᠤ ᠬᠢ ᠠᠴᠠ 6.4% ᠪᠠᠷ ᠨᠡᠮᠡᠭᠳᠡᠵᠡᠢ᠃ ᠭᠠᠳᠠᠭᠠᠳᠤ ᠠᠷᠠᠯᠵᠢᠶᠠᠨ ᠤ ᠭᠠᠳᠠᠭᠠᠳᠤ ᠭᠠᠷᠭᠠᠯᠲᠠ ᠨᠢ ᠭᠠᠳᠠᠭᠠᠳᠤ ᠳᠠᠷᠤᠯᠲᠠ ᠶᠢᠨ | ᠳᠣᠣᠷ᠎ᠠ ᠴᠤ ᠨᠡᠯᠢᠶᠡᠳ ᠴᠢᠩᠭ᠎ᠠ ᠤᠶᠠᠨ ᠬᠠᠳᠠᠨ ᠴᠢᠨᠠᠷ ᠲᠠᠢ ᠪᠠᠶᠢᠵᠤ᠂ 1 – 4 ᠳ᠋ᠦ᠋ᠭᠡᠷ ᠰᠠᠷ᠎ᠠ ᠳᠤ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠪᠡ᠃ | ᠰᠢᠨ᠎ᠡ ᠬᠥᠳᠡᠯᠭᠡᠭᠴᠢ ᠡᠨᠧᠷᠭᠢ ᠲᠠᠰᠤᠷᠠᠯᠳᠠ ᠦᠭᠡᠢ ᠬᠥᠭᠵᠢᠨ ᠪᠤᠵᠠᠭᠠᠶᠢᠷᠠᠵᠤ᠂ 1 – 4 ᠳ᠋ᠦ᠋ᠭᠡᠷ ᠰᠠᠷ᠎ᠠ ᠳᠤ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ | ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 9.8% ᠪᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ | 11.3% ᠪᠠᠷ ᠨᠡᠮᠡᠭᠳᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠦᠢᠯᠡᠳᠪᠦᠷᠢᠯᠡᠯ ᠪᠠ ᠪᠣᠷᠤᠯᠠᠭᠤᠯᠭ᠎ᠠ ᠴᠥᠮ 400 ᠲᠦᠮᠡ ᠶᠢ ᠳᠠᠪᠠᠵᠤ᠂ ᠣᠶᠤᠨᠴᠢ | ᠦᠢᠯᠡᠳᠪᠦᠷᠢ ᠶᠢᠨ ᠪᠦᠷᠬᠦᠴᠡ ᠨᠢ ᠦᠢᠯᠡᠳᠬᠦ ᠦᠢᠯᠡᠰ ᠤᠨ ᠠᠵᠢᠯ ᠲᠦᠷᠦᠯ ᠤᠨ ᠶᠡᠭᠡ ᠲᠦᠷᠦᠯ ᠤᠨ 80% ᠶᠢ ᠳᠠᠪᠠᠪᠠ᠃ ᠡᠳᠡᠭᠡᠷ ᠠᠮᠵᠢᠯᠲᠠ ᠪᠦᠲᠦᠮᠵᠢ ᠨᠢ | ᠳᠤᠮᠳᠠᠳᠤ ᠤᠯᠤᠰ ᠤᠨ ᠠᠵᠤ ᠠᠬᠤᠢ ᠶᠢᠨ ᠬᠦᠴᠦᠷᠬᠡᠭ ᠶᠡᠭᠡ ᠲᠣᠭᠲᠠᠭᠤᠨ ᠴᠢᠨᠠᠷ ᠢ ᠭᠦᠢᠴᠡᠳ ᠬᠠᠷᠠᠭᠤᠯᠵᠤ ᠪᠠᠶᠢᠨ᠎ᠠ᠃ ᠶᠠᠭ ᠲᠡᠷᠢᠭᠦᠯᠡᠭᠴᠢ ᠰᠢ ᠶᠢᠨ ᠫᠢᠩ ᠤᠨ | ᠵᠢᠭᠠᠵᠤ ᠭᠠᠷᠭᠠᠭᠰᠠᠨ ︽ᠳᠤᠮᠳᠠᠳᠤ ᠤᠯᠤᠰ ᠤᠨ ᠠᠵᠤ ᠠᠬᠤᠢ ᠪᠣᠯ ᠨᠡᠯᠦᠭᠡᠷ ᠶᠡᠭᠡ ᠲᠠᠯᠠᠢ ᠶᠤᠮ᠂ ᠬᠠᠷᠢᠨ ᠵᠢᠵᠢᠭ ᠴᠥᠭᠦᠷᠥᠮ ᠪᠢᠰᠢ᠃︾ ᠭᠡᠳᠡᠭ ᠢᠶᠠᠷ ᠡᠨᠡ ᠬᠦ ᠶᠡᠭᠡ | ᠲᠡᠯᠡᠶ ᠨᠢ ᠳᠣᠭᠰᠢᠨ ᠰᠠᠯᠬᠢ ᠰᠢᠷᠦᠭᠦᠨ ᠪᠣᠷᠣᠭᠠᠨ ᠤ ᠰᠢᠯᠭᠠᠯᠲᠠ ᠶᠢ ᠥᠩᠭᠡᠷᠡᠭᠡᠵᠦ᠂ ᠤᠳᠠᠭ᠎ᠠ ᠪᠦᠷᠢ ᠶᠢᠨ ᠰᠠᠯᠬᠢ ᠳᠠᠪᠠᠯᠭᠠᠨ ᠤ ᠳᠠᠷᠠᠭ᠎ᠠ᠂ ᠨᠠᠩ ᠨᠡᠯᠦᠭᠡᠷ ᠭᠦᠨ᠂ | ᠪᠠᠭᠲᠠᠭᠠᠮᠵᠢᠲᠠᠢ ᠨᠡᠭᠡᠭᠡᠯᠲᠡ ᠲᠠᠢ ᠪᠣᠯᠬᠤ ᠪᠣᠯᠣᠨ᠎ᠠ᠃ | ᠬᠤᠷᠸ᠎ᠠ ᠲᠥᠷᠥ ᠶᠢᠨ ᠪᠣᠳᠣᠯᠭ᠎ᠠ ᠠᠴᠠ ᠠᠪᠴᠤ ᠬᠡᠯᠡᠪᠡᠯ᠂ ᠭᠠᠳᠠᠭᠠᠳᠤ ᠣᠷᠴᠢᠨ ᠨᠥᠬᠦᠴᠡᠯ ᠠᠴᠠ ᠪᠣᠯᠤᠭᠰᠠᠨ ᠲᠦᠭᠰᠢᠭᠦᠷᠢ ᠪᠠ ᠥᠷᠢᠰᠦᠯᠳᠦᠭᠡᠨ ᠤ | ᠡᠮᠦᠨ᠎ᠡ᠂ ᠪᠢᠳᠡ ᠨᠡᠩ ᠢᠳᠡᠪᠬᠢᠲᠡᠢ ᠪᠥᠭᠡᠳ ᠪᠦᠲᠦᠮᠵᠢᠲᠡᠶ ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠯᠭ᠎ᠠ ᠶᠢ ᠲᠣᠳᠣᠷᠬᠠᠢ ᠳᠤᠷᠠᠳᠤᠨ ᠭᠠᠷᠭᠠᠵᠤ᠂ ᠨᠡᠩ | ᠢᠳᠡᠪᠬᠢᠲᠡᠢ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠪᠠ ᠵᠣᠬᠢᠰᠲᠠᠢ ᠠᠭᠤᠵᠢᠭᠤ ᠪᠠᠶᠢᠯᠭᠠᠬᠤ ᠵᠣᠭᠤᠰᠤᠨ ᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠭᠡᠳ᠂ | ᠡᠳ᠋ ᠤᠨ ᠵᠠᠰᠠᠭ ᠤᠨ ᠵᠠᠷᠤᠯᠭ᠎ᠠ ᠶᠢᠨ ᠬᠡᠪᠴᠢᠶᠡᠵᠢᠯ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠵᠣᠭᠤᠰ ᠪᠠ ᠮᠥᠩᠭᠦᠨ ᠭᠦᠢᠯᠭᠡᠭᠡᠨ ᠤ ᠶᠡᠷᠦᠩᠬᠡᠢ ᠬᠡᠮᠵᠢᠶ᠎ᠡ ᠶᠢ | ᠲᠣᠬᠢᠷᠠᠭᠤᠯᠤᠨ ᠡᠵᠡᠮᠳᠡᠬᠦ ᠡᠷᠴᠢᠮ ᠢᠶᠠᠨ ᠢᠯᠡᠳᠲᠡ ᠴᠢᠩᠭᠠᠷᠠᠭᠤᠯᠵᠤ᠂ ᠨᠡᠶᠢᠭᠡᠮ ᠤᠨ ᠶᠡᠷᠦᠩᠬᠡᠢ ᠬᠡᠷᠡᠭᠴᠡᠭᠡ ᠶᠢᠨ ᠥᠷᠭᠡᠳᠬᠦ ᠳᠤ ᠬᠦᠴᠦᠲᠡᠢ ᠲᠤᠯᠭᠠᠭᠤᠷᠢᠯᠠᠯ | ᠬᠠᠩᠭᠠᠪᠠ᠃ ᠳᠠᠷᠠᠭᠠᠴᠢ ᠶᠢᠨ ᠠᠯᠬᠤᠮ ᠳᠤ᠂ ᠪᠢᠳᠡ ᠪᠠᠰᠠ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ᠂ ᠰᠥᠷᠭᠡᠦ ᠦᠶᠡᠯᠡᠯ ᠤᠨ ᠬᠤᠭᠤᠴᠠᠭᠠᠨ ᠳᠠᠬᠢ | ᠲᠣᠬᠢᠷᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠨ᠎ᠠ᠃ ᠢᠷᠡᠭᠡᠳᠦᠢ ᠳᠤ ᠶᠠᠮᠠᠷᠪᠠ ᠥᠷᠢᠰᠦᠯᠳᠦᠭᠡᠨ ᠳᠤ ᠲᠤᠯᠭᠠᠷᠠᠭᠰᠠᠨ ᠴᠤ ᠪᠢᠳᠡᠨ ᠳᠤ ᠳᠤᠮᠳᠠᠳᠤ | ᠤᠯᠤᠰ ᠤᠨ ᠠᠵᠤ ᠠᠬᠤᠢ ᠶᠢᠨ ᠬᠥᠯᠭᠡ ᠣᠩᠭᠤᠴᠠ ᠪᠠᠨ ᠯᠠᠪᠳᠠᠭᠤᠨ ᠢᠶᠠᠷ ᠬᠤᠯᠠ ᠠᠶᠠᠯᠠᠭᠤᠯᠬᠤ ᠪᠠᠲᠤᠯᠠᠬᠤ ᠴᠢᠳᠠᠪᠤᠷᠢ ᠪᠠ ᠢᠲᠡᠭᠡᠯ ᠪᠠᠶᠢᠨ᠎ᠠ᠃ | ᠪᠠᠶᠢᠯᠳᠤᠬᠤ ᠪᠣᠳᠣᠯᠭ᠎ᠠ ᠶᠢᠨ ᠬᠠᠨᠳᠤᠰᠢ ᠠᠴᠠ ᠠᠪᠴᠤ ᠬᠡᠯᠡᠪᠡᠯ᠂ ᠳᠤᠮᠳᠠᠳᠤ ᠤᠯᠤᠰ ᠪᠣᠯ ᠭᠡᠳᠤ ᠶᠡᠭᠡ ᠬᠡᠪᠴᠢᠶᠡᠵᠢᠯ ᠤᠨ ᠠᠵᠤ ᠠᠬᠤᠢ ᠶᠢᠨ ᠴᠣᠭᠴᠠ | ᠮᠥᠨ᠂ ᠳᠣᠲᠣᠭᠠᠳᠤ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ᠂ ᠳᠣᠲᠣᠭᠠᠳᠤ ᠳᠤ ᠪᠠᠨ ᠣᠷᠴᠢᠯᠳᠤᠬᠤᠶᠢᠴᠠ ᠪᠣᠯᠭᠠᠬᠤ ᠪᠣᠯ ᠲᠣᠮᠣ ᠤᠯᠤᠰ ᠤᠨ ᠠᠵᠤ ᠠᠬᠤᠢ ᠶᠢᠨ | ᠥᠪᠡᠷᠮᠢᠴᠡ ᠳᠠᠪᠠᠭᠤᠯᠢᠭ ᠮᠥᠨ᠃ ᠪᠢᠳᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠭᠰᠣᠴᠠ ᠪᠠᠨ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠤᠯᠤᠰ ᠤᠨ | ᠳᠣᠲᠣᠭᠠᠳᠤ ᠶᠢᠨ ᠶᠡᠭᠡ ᠣᠷᠴᠢᠯ ᠢ ᠬᠦᠴᠦᠷᠬᠡᠭᠵᠢᠭᠦᠯᠬᠦ ᠳᠤ ᠨᠡᠩ ᠢᠯᠡᠭᠦᠦ ᠬᠦᠴᠦ ᠲᠠᠯᠪᠢᠵᠤ᠂ ᠳᠤᠮᠳᠠᠳᠤ ᠤᠯᠤᠰ ᠤᠨ ᠠᠵᠤ ᠠᠬᠤᠢ ᠶᠢᠨ ᠳᠣᠲᠣᠭᠠᠳᠤ | ᠬᠥᠳᠡᠯᠭᠡᠭᠴᠢ ᠬᠦᠴᠦᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ ᠪᠠᠶᠢᠨ᠎ᠠ᠃ ᠪᠢᠳᠡ ᠤᠳᠤ ᠶᠠᠭ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ | ᠪᠣᠳᠣᠯᠭ᠎ᠠ ᠶᠢ ᠲᠦᠷᠭᠡᠪᠴᠢᠯᠡᠨ ᠬᠡᠷᠡᠭᠵᠢᠭᠦᠯᠵᠦ᠂ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭᠠᠨ ᠢ ᠥᠷᠨᠢᠭᠦᠯᠵᠦ᠂ ᠲᠦᠷᠦ ᠶᠢᠨ ᠪᠣᠳᠣᠯᠭ᠎ᠠ ᠶᠢᠨ ᠡᠬᠢ ᠪᠠᠶᠠᠯᠢᠭ ᠢ | ᠬᠡᠷᠡᠭᠯᠡᠭᠡᠨ ᠤ ᠬᠦᠷᠢᠶ᠎ᠡ ᠲᠡᠶᠢᠰᠢ ᠨᠡᠩ ᠢᠯᠡᠭᠦᠦ ᠬᠡᠯᠪᠡᠶᠢᠯᠭᠡᠵᠦ ᠪᠠᠶᠢᠨ᠎ᠠ᠂ ᠡᠨᠡ ᠨᠢ ᠬᠡᠷᠡᠭᠴᠡᠭᠡᠨ ᠤ ᠯᠤᠲᠤ ᠶᠡᠭᠡ ᠲᠠᠯᠳᠠ ᠬᠦᠴᠦᠨ ᠢ ᠪᠠᠳᠠᠷᠠᠭᠤᠯᠬᠤ ᠪᠣᠯᠣᠨ᠎ᠠ᠃ | ᠪᠢᠳᠡ ᠪᠠᠰᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠵᠤ ᠦᠢᠯᠡᠰ ᠤᠨ ᠳᠡᠭᠡᠳᠦ ᠳᠡᠰᠵᠢᠬᠦ᠂ ᠣᠶᠤᠨᠴᠢᠯᠠᠬᠤ᠂ ᠪᠣᠬᠢᠷᠲᠤᠯ | ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ ᠪᠠᠶᠢᠨ᠎ᠠ᠂ ᠡᠨᠡ ᠨᠢ ᠪᠠᠰᠠ ᠨᠡᠩ ᠤᠯᠠᠨ ᠰᠢᠨ᠎ᠡ ᠬᠡᠷᠡᠭᠴᠡᠭᠡ ᠶᠢ ᠡᠭᠦᠳᠬᠦ ᠪᠣᠯᠣᠨ᠎ᠠ᠃ | ᠳᠤᠮᠳᠠᠳᠤ ᠤᠯᠤᠰ ᠤᠨ ᠠᠵᠤ ᠠᠬᠤᠢ ᠶᠢᠨ ᠥᠷᠭᠡᠨ ᠳᠡᠯᠭᠡᠷ ᠭᠦᠨ ᠭᠦᠨᠵᠡᠭᠡᠢ ᠪᠠᠶᠢᠳᠠᠯ ᠨᠢ ᠡᠯ᠎ᠡ ᠤᠯᠤᠰ ᠤᠨ ᠴᠢᠨᠠᠷ ᠰᠠᠶᠢᠲᠠᠢ ᠦᠢᠯᠡᠳᠬᠦᠨ ᠳᠤ ᠯᠤᠲᠤ ᠶᠡᠭᠡ | ᠵᠠᠬ᠎ᠠ ᠳᠡᠯᠭᠡᠭᠦᠷ ᠬᠠᠩᠭᠠᠵᠤ ᠴᠢᠳᠠᠬᠤ ᠶᠤᠮ᠃ ᠪᠢᠳᠡ ᠥᠨᠳᠥᠷ ᠲᠦᠪᠰᠢᠨ ᠪᠦᠬᠦᠢ ᠨᠡᠭᠡᠭᠡᠯᠲᠡ ᠶᠢ ᠡᠷᠡᠰ ᠭᠤᠶᠢᠪᠢᠰᠢ ᠦᠭᠡᠢ ᠥᠷᠭᠡᠳᠬᠡᠵᠦ᠂ ᠪᠡᠶ᠎ᠡ ᠪᠠᠨ ᠳᠠᠭᠠᠭᠠᠵᠤ | ᠨᠡᠭᠡᠭᠡᠯᠲᠡ ᠬᠢᠬᠦ ᠪᠠ ᠭᠠᠭᠴᠠ ᠲᠠᠯ᠎ᠠ ᠠᠴᠠ ᠨᠡᠭᠡᠭᠡᠯᠲᠡ ᠬᠢᠬᠦ ᠨᠡᠩ ᠤᠯᠠᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ | ᠣᠷᠴᠢᠯ ᠤᠨ ᠬᠠᠷᠢᠯᠴᠠᠨ ᠠᠬᠢᠬᠤ ᠶᠢ ᠠᠬᠢᠭᠤᠯᠵᠤ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠠ ᠲᠠᠯᠠᠢ ᠶᠢᠨ ᠪᠣᠯᠣᠩ ᠤᠨ ᠠᠷᠠᠪ | ᠤᠯᠤᠰ ᠤᠳ ᠤᠨ ᠬᠠᠮᠲᠤᠷᠠᠯᠴᠠᠭᠠᠨ ᠤ ᠵᠥᠪᠯᠡᠯ ᠤᠨ ᠤᠯᠤᠰ ᠵᠢᠴᠢ ᠳᠡᠯᠡᠬᠡᠢ ᠶᠢᠨ ᠡᠯ᠎ᠡ ᠤᠯᠤᠰ ᠤᠨ ᠠᠵᠤ ᠠᠬᠤᠶᠢᠯᠠᠯ ᠳᠤ ᠳᠤᠮᠳᠠᠳᠤ ᠤᠯᠤᠰ ᠤᠨ | ᠬᠥᠭᠵᠢᠯᠲᠡ ᠶᠢᠨ ᠠᠵᠠ ᠲᠣᠬᠢᠶᠠᠯ ᠢ ᠭᠦᠢᠴᠡᠳ ᠡᠳ᠋ᠯᠡᠭᠦᠯᠬᠦ ᠪᠣᠯᠣᠨ᠎ᠠ᠃ | ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋᠂ | ᠬᠠᠮᠲᠤᠷᠠᠯᠴᠠᠭ᠎ᠠ ᠪᠣᠯ ᠬᠠᠮᠲᠤ ᠶᠢᠨ ᠬᠠᠲᠠᠭᠤ ᠰᠢᠯᠭᠠᠯᠲᠠ ᠶᠢ ᠲᠤᠭᠤᠯᠤᠨ ᠭᠠᠷᠬᠤ ᠴᠣᠷᠢ ᠶᠢᠨ ᠭᠠᠭᠴᠠ ᠵᠥᠪ ᠬᠠᠷᠢᠭᠤᠯᠲᠠ ᠪᠣᠯᠣᠨ᠎ᠠ᠃ ᠳᠤᠮᠳᠠᠳᠤ ᠶᠢᠨ | ᠲᠠᠯ᠎ᠠ ᠶᠢᠨ ᠬᠢᠨ ᠳᠤᠷᠠᠲᠠᠶ᠎ᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ᠂ ᠲᠠᠯᠠᠢ ᠶᠢᠨ ᠪᠤᠯᠤᠩ ᠤᠨ ᠠᠷᠠᠪ ᠤᠯᠤᠰ ᠤᠳ ᠤᠨ ᠬᠠᠮᠲᠤᠷᠠᠯᠴᠠᠭᠠᠨ ᠤ | ᠵᠥᠪᠯᠡᠯ ᠤᠨ ᠤᠯᠤᠰ ᠤᠳ ᠲᠠᠢ ᠬᠠᠮᠲᠤ ᠪᠠᠷ ᠴᠢᠷᠮᠠᠶᠢᠵᠤ᠂ ᠨᠡᠭᠡᠭᠡᠯᠲᠡ ᠬᠠᠮᠲᠤᠷᠠᠯᠴᠠᠭ᠎ᠠ ᠪᠠᠨ ᠤᠯᠠᠮ ᠠᠴᠠ ᠭᠦᠨᠵᠡᠭᠡᠶᠢᠷᠡᠭᠦᠯᠵᠦ ᠪᠠᠶᠢᠭᠠᠳ ᠠᠵᠤ ᠠᠬᠤᠢ ᠶᠢᠨ | ᠲᠣᠭᠲᠠᠭᠤᠨ ᠨᠡᠮᠡᠭᠳᠡᠯ ᠢ ᠠᠬᠢᠭᠤᠯᠵᠤ᠂ ᠭᠠᠷ ᠬᠤᠯᠪᠣᠨ ᠠᠵᠠ ᠲᠣᠬᠢᠶᠠᠯ ᠢ ᠬᠠᠮᠲᠤ ᠪᠠᠷ ᠡᠭᠦᠳᠴᠦ᠂ ᠬᠥᠭᠵᠢᠯ ᠴᠡᠴᠡᠭᠯᠡᠯ ᠢ ᠬᠠᠮᠲᠤ ᠪᠠᠷ ᠡᠳ᠋ᠯᠡᠶ᠎ᠡ᠃ | ᠪᠠᠶᠠᠷᠯᠠᠯ᠎ᠠ︕ | |