2025 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠣᠶᠢᠷᠠᠲᠤᠬᠤ ᠲᠠᠰᠢᠷᠠᠮ ᠳᠤ᠂ | ᠰᠢᠯᠭᠠᠯᠲᠠ ᠪᠠᠷ ᠰᠣᠷᠣᠬᠴᠢ ᠡᠯᠰᠡᠬᠦ ᠡᠮᠬᠢ ᠵᠢᠷᠤᠮ ᠢ ᠬᠠᠮᠠᠭᠠᠯᠠᠨ᠂ ᠰᠢᠯᠭᠠᠯᠲᠠ ᠶᠢᠨ ᠣᠷᠴᠢᠨ ᠲᠣᠭᠤᠷᠢᠨ ᠢ ᠴᠡᠪᠡᠷᠰᠢᠭᠦᠯᠵᠦ᠂ ᠰᠢᠯᠭᠠᠭᠤᠯᠤᠭᠴᠢ ᠵᠢᠴᠢ ᠭᠡᠷ ᠤᠨ | ᠠᠬᠠᠮᠠᠳ ᠤᠨ ᠡᠷᠬᠡ ᠠᠰᠢᠭ ᠢ ᠪᠠᠲᠤᠯᠠᠬᠤ ᠶᠢᠨ ᠲᠥᠯᠥᠭᠡ᠂ 5 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | ︽ᠪᠦᠭᠦ ᠣᠷᠣᠨ ᠤ ᠰᠢᠯᠭᠠᠯᠲᠠ ᠳᠤ ᠬᠤᠯᠪᠣᠭᠳᠠᠬᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠳᠤ ᠮᠡᠳᠡᠭᠳᠡᠬᠦ ᠪᠢᠴᠢᠭ︾ ᠨᠡᠶᠢᠲᠡᠯᠡᠵᠦ᠂ | ᠰᠢᠯᠭᠠᠯᠲᠠ ᠳᠤ ᠬᠤᠯᠪᠣᠭᠳᠠᠬᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ︽ᠠᠮᠤᠷ ᠲᠦᠪᠰᠢᠨ | ᠤᠯᠤᠰ ᠤᠨ ᠨᠢᠭᠡᠳᠦᠯᠲᠡᠢ ᠰᠢᠯᠭᠠᠯᠲᠠ︾ ᠶᠢᠨ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ ᠭᠡᠪᠡ᠃ | ᠮᠡᠳᠡᠭᠳᠡᠯ ᠤᠨ ᠪᠢᠴᠢᠭ ᠲᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠨᠤᠭᠤᠳ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ | ᠵᠢᠷᠤᠮᠯᠠᠬᠤ ᠬᠡᠷᠡᠭᠲᠡᠢ᠂ ᠬᠤᠳᠠᠯ ᠬᠠᠭᠤᠷᠮᠠᠭ ᠤᠬᠠᠭᠤᠯᠭ᠎ᠠ ᠬᠢᠵᠦ᠂ ᠪᠣᠯᠪᠠᠰᠤᠷᠠᠯ ᠤᠨ ᠦᠷ᠎ᠡ ᠪᠦᠲᠦᠮᠵᠢ ᠶᠢ ᠥᠰᠬᠡᠭᠡᠨ ᠳᠥᠰᠬᠡᠭᠡᠨ ᠲᠠᠢ ᠶᠠᠷᠢᠵᠤ ᠰᠤᠷᠤᠬᠴᠢ ᠪᠠ | ᠭᠡᠷ ᠤᠨ ᠠᠬᠠᠮᠠᠳ ᠢ ᠪᠤᠷᠤᠭᠤ ᠪᠠᠷ ᠬᠥᠲᠥᠯᠥᠨ ᠵᠢᠯᠤᠭᠤᠳᠴᠤ ᠪᠤᠯᠬᠤ ᠦᠭᠡᠢ᠃ ᠰᠢᠯᠭᠠᠯᠲᠠ ᠳᠤ ᠭᠡᠮ ᠬᠢᠬᠦ ᠶᠢ ᠵᠣᠬᠢᠶᠠᠨ ᠪᠠᠶᠢᠭᠤᠯᠬᠤ ᠪᠤᠶᠤ ᠤᠷᠤᠯᠴᠠᠵᠤ ᠪᠤᠯᠬᠤ | ᠦᠭᠡᠢ᠂ ᠰᠢᠯᠭᠠᠯᠲᠠ ᠳᠤ ᠬᠤᠯᠪᠣᠭᠳᠠᠭᠰᠠᠨ ᠬᠤᠳᠠᠯ ᠬᠠᠭᠤᠷᠮᠠᠭ ᠮᠡᠳᠡᠭᠡ ᠵᠠᠩᠭᠢ ᠶᠢ ᠵᠣᠬᠢᠶᠠᠬᠤ᠂ ᠤᠯᠠᠮᠵᠢᠯᠠᠨ ᠲᠠᠷᠬᠠᠭᠠᠬᠤ᠂ ᠰᠤᠷᠭᠠᠨ ᠬᠥᠮᠦᠵᠢᠯ ᠤᠨ ᠰᠠᠨᠠᠭᠠᠰᠢᠷᠠᠯ | ᠪᠤᠯᠬᠤ ᠶᠢ ᠴᠢᠩᠭ᠎ᠠ ᠴᠠᠭᠠᠵᠠᠯᠠᠨ᠎ᠠ᠃ ᠡᠭᠦᠨ ᠤ ᠬᠠᠮᠲᠤ᠂ ︽ᠰᠢᠯᠭᠠᠯᠲᠠ ᠶᠢᠨ ᠰᠡᠳᠦᠪ︾᠂ ︽ᠰᠡᠳᠦᠪ ᠤᠨ ᠬᠠᠷᠢᠭᠤᠯᠲᠠ︾᠂ ︽ᠳᠣᠲᠣᠭᠠᠳᠤ ᠶᠢᠨ ᠰᠣᠷᠣᠬᠴᠢ ᠡᠯᠰᠡᠬᠦ | ᠭᠦᠢᠴᠡᠳᠬᠡᠯ ᠲᠤᠭ᠎ᠠ︾ ᠵᠡᠷᠭᠡ ᠶᠢ ᠬᠤᠳᠠᠯᠳᠤᠬᠤ ᠵᠡᠷᠭᠡ ᠮᠡᠬᠡᠯᠡᠬᠦ ᠠᠵᠢᠯᠯᠠᠭ᠎ᠠ ᠬᠢᠵᠦ ᠪᠤᠯᠬᠤ ᠦᠭᠡᠢ᠂ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠰᠡᠳᠦᠪ ᠢ | ᠲᠣᠭᠲᠠᠭᠠᠯ ᠠᠴᠠ ᠵᠥᠷᠢᠴᠡᠨ ᠴᠤᠭᠯᠠᠭᠤᠯᠵᠤ᠂ ᠨᠡᠶᠢᠲᠡᠯᠡᠬᠦ ᠪᠤᠶᠤ ᠤᠯᠠᠮᠵᠢᠯᠠᠨ ᠲᠠᠷᠬᠠᠭᠠᠵᠤ ᠪᠤᠯᠬᠤ ᠦᠭᠡᠢ ᠭᠡᠵᠦ ᠴᠢᠬᠤᠯᠠᠴᠢᠯᠠᠪᠠ᠃ | ᠡᠭᠦᠨ ᠠᠴᠠ ᠭᠠᠳᠠᠨ᠎ᠠ᠂ ᠰᠤᠷᠭᠠᠨ ᠬᠥᠮᠦᠵᠢᠯ ᠤᠨ ᠲᠢᠩᠬᠢᠮ ᠠᠴᠠ ᠪᠣᠯᠪᠠᠰᠤᠷᠠᠯ ᠤᠨ ᠪᠠᠶᠢᠭᠤᠯᠤᠮᠵᠢ ᠰᠢᠯᠭᠠᠯᠲᠠ ᠶᠢᠨ ᠴᠡᠭ᠂ ᠰᠤᠷᠭᠠᠭᠤᠯᠢ ᠶᠢᠨ ᠡᠷᠭᠢᠨ | ᠲᠣᠭᠤᠷᠢᠨ ᠳᠤ ᠰᠣᠷᠣᠬᠴᠢ ᠡᠯᠰᠡᠬᠦ ᠤᠬᠠᠭᠤᠯᠭ᠎ᠠ ᠥᠷᠨᠢᠭᠦᠯᠵᠦ ᠪᠤᠯᠬᠤ ᠦᠭᠡᠢ᠂ ︽ᠤᠯᠤᠰ ᠤᠨ ᠨᠢᠭᠡᠳᠦᠯᠲᠡᠢ ᠰᠢᠯᠭᠠᠯᠲᠠ ᠶᠢᠨ ᠮᠠᠩᠯᠠᠢ︾᠂ ︽ᠰᠤᠷᠭᠠᠭᠤᠯᠢ | ᠳᠡᠪᠰᠢᠭᠰᠡᠨ ᠨᠣᠷᠮ᠎ᠠ︾᠂ ︽ᠥᠨᠳᠥᠷ ᠬᠤᠪᠢ ᠣᠯᠣᠭᠰᠠᠨ ᠰᠢᠯᠭᠠᠭᠤᠯᠤᠭᠴᠢ︾ ᠵᠡᠷᠭᠡ ᠰᠡᠷᠭᠡᠭ ᠮᠡᠳᠡᠭᠡ ᠵᠠᠩᠭᠢ ᠶᠢ ᠤᠬᠠᠭᠤᠯᠬᠤ ᠶᠢ ᠴᠢᠩᠭ᠎ᠠ ᠴᠠᠭᠠᠵᠠᠯᠠᠵᠤ᠂ ᠶᠡᠭᠡ | ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠰᠢᠯᠭᠠᠯᠲᠠ ᠶᠢᠨ ᠲᠥᠷᠥ ᠶᠢᠨ ᠪᠣᠳᠣᠯᠭ᠎ᠠ ᠶᠢ ᠵᠣᠷᠢᠭᠤᠳᠠ ᠭᠠᠵᠢᠭᠤᠳᠠᠭᠤᠯᠵᠤ ᠪᠤᠯᠬᠤ ᠦᠭᠡᠢ᠃ ᠡᠷᠡᠮᠡᠯᠵᠡᠯ ᠲᠠᠭᠯᠠᠬᠤ | ᠦᠢᠯᠡᠴᠢᠯᠡᠭᠡᠨ ᠤ ᠲᠠᠯ᠎ᠠ ᠪᠠᠷ᠂ ᠡᠯ᠎ᠡ ᠪᠠᠶᠢᠭᠤᠯᠤᠮᠵᠢ ᠡᠷᠬᠡᠪᠰᠢ ᠵᠢᠷᠤᠮᠵᠢᠯ ᠲᠠᠢ ᠡᠵᠡᠩᠨᠡᠬᠦ ᠬᠡᠷᠡᠭᠲᠡᠢ᠂ ᠬᠡᠪᠴᠢᠶ᠎ᠡ ᠠᠴᠠ ᠬᠡᠲᠦᠷᠡᠭᠦᠯᠦᠨ ᠲᠣᠭᠲᠠᠭᠠᠯ ᠠᠴᠠ ᠵᠥᠷᠢᠴᠡᠨ | ᠰᠦᠢᠳᠬᠡᠯ ᠬᠤᠷᠢᠶᠠᠵᠤ ᠪᠤᠯᠬᠤ ᠦᠭᠡᠢ᠂ ᠵᠠᠰᠠᠭ ᠤᠨ ᠣᠷᠳᠣᠨ ᠪᠤᠶᠤ ᠰᠣᠷᠣᠬᠴᠢ ᠡᠯᠰᠡᠬᠦ ᠨᠢᠭᠡᠴᠢ ᠶᠢᠨ ᠠᠯᠪᠠᠨ ᠤ ᠰᠦᠯᠵᠢᠶ᠎ᠡ᠂ ᠤᠯᠠᠨ ᠨᠡᠶᠢᠳᠡ ᠶᠢᠨ ᠲᠠᠪᠴᠠᠩ | ᠵᠡᠷᠭᠡ ᠶᠢ ᠬᠠᠭᠤᠷᠮᠠᠭᠯᠠᠨ ᠳᠠᠭᠤᠷᠢᠶᠠᠵᠤ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ ᠭᠡᠵᠦ ᠲᠣᠳᠣᠷᠬᠠᠶᠢᠯᠠᠪᠠ᠃ | ᠣᠳᠣᠬᠠᠨ ᠳᠤ᠂ ᠪᠦᠭᠦ ᠣᠷᠣᠨ ᠤ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢᠭᠡᠨᠲᠡ ᠲᠤᠰᠬᠠᠢ ᠵᠦᠢᠯ ᠤᠨ ᠪᠠᠶᠢᠴᠠᠭᠠᠯᠲᠠ ᠶᠢ | ᠡᠬᠢᠯᠡᠭᠦᠯᠵᠦ᠂ ᠡᠯ᠎ᠡ ᠵᠦᠢᠯ ᠤᠨ ᠱᠠᠭᠠᠷᠳᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ 2025 ᠣᠨ ᠤ ᠡᠩ ᠤᠨ ᠶᠡᠭᠡ ᠳᠡᠭᠡᠳᠦ | ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠤᠷᠤᠭᠰᠢᠲᠠᠢ ᠶᠠᠪᠤᠭᠳᠠᠬᠤ ᠶᠢ ᠬᠠᠮᠠᠭᠠᠯᠠᠵᠤ ᠪᠠᠶᠢᠨ᠎ᠠ᠃ | |