ᠬᠠᠤᠯᠢ ᠴᠠᠭᠠᠵᠠ ᠶᠢᠨ ᠶᠠᠮᠤᠨ ᠤ ︽ᠬᠠᠤᠯᠢ ᠴᠠᠭᠠᠵᠠ ᠶᠢᠨ ᠲᠤᠰᠠᠯᠠᠮᠵᠢ ᠪᠠᠷ ᠬᠡᠦᠬᠡᠳ ᠪᠠᠭᠠᠴᠤᠳ ᠢ ᠬᠠᠶᠢᠷᠠᠯᠠᠨ ᠬᠠᠮᠠᠭᠠᠯᠠᠬᠤ︾ ᠠᠵᠢᠯᠯᠠᠭ᠎ᠠ ᠶᠢᠨ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡ ᠪᠠᠷ ᠨᠠᠰᠤᠨ ᠳᠤ | ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠪᠠᠲᠤᠯᠠᠬᠤ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ | ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠠᠴᠠ ︽ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ ᠬᠡᠦᠬᠡᠳ ᠪᠠᠭᠠᠴᠤᠳ ᠢ | ᠬᠠᠶᠢᠷᠠᠯᠠᠨ ᠬᠠᠮᠠᠭᠠᠯᠠᠵᠤ ᠦᠰᠦᠨ ᠪᠤᠶᠢᠵᠢᠯᠲᠠ ᠳᠤ ᠨᠢ ᠳᠡᠮᠵᠢᠯᠭᠡ ᠦᠵᠡᠭᠦᠯᠰᠦᠭᠡᠢ︾ ᠭᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠨᠠᠰᠤᠨ ᠳᠤ ᠥᠯᠥ | ᠭᠦᠷᠦᠭᠰᠡᠳ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠬᠠᠮᠵᠢᠯᠴᠠᠭᠠᠨ ᠤ ᠲᠣᠭᠲᠠᠴᠠ ᠶᠢ ᠤᠯᠠᠮ ᠨᠢᠭᠡ | ᠠᠯᠬᠤᠮ ᠪᠦᠷᠢᠨᠰᠢᠭᠦᠯᠵᠦ᠂ ᠦᠢᠯᠡᠴᠢᠯᠡᠭᠡᠨ ᠤ ᠡᠬᠢ ᠪᠠᠶᠠᠯᠢᠭ ᠢ ᠨᠡᠶᠢᠳᠬᠡᠵᠦ᠂ ᠠᠷᠠᠳ ᠲᠤ ᠲᠥᠬᠦᠮ ᠦᠵᠡᠭᠦᠯᠬᠦ ᠠᠷᠭ᠎ᠠ ᠠᠪᠴᠠᠯ ᠤᠨ ᠲᠣᠭᠲᠠᠴᠠ ᠳᠤ ᠰᠢᠨ᠎ᠡ ᠶᠢ | ᠡᠭᠦᠳᠴᠦ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ | ᠦᠰᠦᠨ ᠪᠣᠶᠢᠵᠢᠬᠤ ᠠᠶᠠᠯᠠᠯ ᠳᠤ ᠨᠢ ᠳᠡᠮᠵᠢᠯᠭᠡ ᠲᠤᠰᠠ ᠦᠵᠡᠭᠦᠯᠦᠨ᠎ᠡ᠃ | ᠨᠢᠭᠡ ᠳᠤ᠂ ᠦᠢᠯᠡᠴᠢᠯᠡᠭᠡᠨ ᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ ᠡᠷᠬᠡ ᠪᠠᠨ ᠬᠠᠮᠠᠭᠠᠯᠠᠬᠤ ᠦᠢᠯᠡᠴᠢᠯᠡᠭᠡᠨ ᠤ ᠰᠦᠯᠵᠢᠶ᠎ᠡ ᠶᠢᠨ | ᠲᠣᠭᠲᠠᠯᠴᠠᠭ᠎ᠠ ᠶᠢ ᠰᠢᠯᠢᠳᠡᠭᠵᠢᠭᠦᠯᠦᠨ ᠪᠠᠶᠢᠷᠢᠯᠠᠭᠤᠯᠵᠤ᠂ ᠨᠠᠰᠤᠨ ᠳᠤ ᠥᠯᠥ ᠭᠦᠷᠦᠭᠰᠡᠳ ᠤᠨ ︽ᠰᠠᠭᠠᠳ ᠦᠭᠡᠢ ᠨᠡᠪᠲᠡᠷᠡᠬᠦ ᠵᠠᠮ︾ ᠢ ᠪᠠᠶᠢᠭᠤᠯᠵᠤ᠂ ᠠᠳᠠᠯᠢ | ᠱᠠᠲᠤᠨ ᠤ ᠡᠪᠯᠡᠯ ᠤᠨ ᠬᠤᠷᠢᠶ᠎ᠠ ᠳᠤ ᠲᠦᠰᠢᠭᠯᠡᠨ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠥᠷᠲᠡᠭᠡ ᠪᠤᠶᠤ | ᠡᠷᠬᠡ ᠪᠠᠨ ᠬᠠᠮᠠᠭᠠᠯᠠᠬᠤ ᠶᠢᠨ ᠬᠠᠷᠢᠯᠴᠠᠬᠤ ᠴᠡᠭ ᠢ ᠪᠠᠶᠢᠭᠤᠯᠵᠤ᠂ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ | ᠤᠷᠢᠳ ᠢᠶᠠᠷ ᠭᠥᠯᠢᠶᠡᠨ ᠠᠪᠴᠤ ᠰᠢᠢᠳᠪᠦᠷᠢᠯᠡᠬᠦ᠂ ᠤᠷᠢᠳ ᠢᠶᠠᠷ ᠬᠢᠨᠠᠨ ᠪᠠᠶᠢᠴᠠᠭᠠᠬᠤ᠂ ᠤᠷᠢᠳ ᠢᠶᠠᠷ ᠲᠣᠮᠢᠯᠠᠬᠤ ᠵᠠᠷᠴᠢᠮ ᠢ ᠵᠢᠷᠤᠮᠯᠠᠨ᠂ ᠨᠥᠬᠦᠴᠡᠯ ᠳᠤ ᠨᠡᠶᠢᠴᠡᠬᠦ | ᠲᠤᠰᠠᠯᠠᠮᠵᠢ ᠶᠢᠨ ᠬᠡᠷᠡᠭ ᠢ ᠲᠤᠬᠠᠢ ᠶᠢᠨ ᠡᠳᠦᠷ ᠲᠤ ᠨᠢ ᠭᠥᠯᠢᠶᠡᠨ ᠠᠪᠴᠤ ᠰᠢᠢᠳᠪᠦᠷᠢᠯᠡᠨ᠂ ᠲᠤᠬᠠᠢ ᠶᠢᠨ ᠡᠳᠦᠷ ᠲᠤ ᠨᠢ ᠲᠣᠮᠢᠯᠠᠵᠤ᠂ ᠨᠠᠰᠤᠨ ᠳᠤ ᠥᠯᠥ | ᠭᠦᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠳᠤ ᠨᠢ ︽ᠥᠴᠥᠬᠡᠨ ᠴᠦ ᠬᠦᠯᠢᠶᠡᠯᠭᠡᠯ ᠦᠭᠡᠢ︾ ᠪᠠᠶᠢᠬᠤ ᠶᠢ ᠪᠡᠶᠡᠯᠡᠭᠦᠯᠪᠡ᠃ ᠪᠦᠬᠦ ᠣᠷᠣᠨ ᠤ | ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠤᠭᠤᠳ ᠨᠢ ᠡᠪ ᠬᠠᠮᠲᠤ ᠵᠠᠯᠠᠭᠤᠴᠤᠳ ᠤᠨ ᠡᠪᠯᠡᠯ ᠳᠤ ᠲᠦᠰᠢᠭᠯᠡᠨ ᠬᠠᠤᠯᠢ ᠴᠠᠭᠠᠵᠠ ᠶᠢᠨ ᠲᠤᠰᠠᠯᠠᠮᠵᠢ | ᠣᠯᠭᠤᠬᠤ 109 ᠠᠵᠢᠯᠯᠠᠬᠤ ᠦᠷᠲᠡᠭᠡ ᠶᠢ ᠪᠠᠶᠢᠭᠤᠯᠪᠠ᠃ | ᠬᠤᠶᠠᠷ ᠲᠤ᠂ ᠣᠨᠣᠴᠠᠲᠠᠢ ᠦᠢᠯᠡᠴᠢᠯᠡᠭᠡ ᠬᠠᠩᠭᠠᠨ᠎ᠠ᠃ ᠬᠥᠳᠡᠭᠡ ᠲᠣᠰᠬᠤᠨ ᠤ ᠭᠡᠷ ᠲᠤ ᠪᠠᠨ ᠦᠯᠡᠳᠡᠵᠦ ᠬᠤᠴᠣᠷᠤᠭᠰᠠᠨ ᠬᠡᠦᠬᠡᠳ᠂ ᠨᠠᠰᠤᠨ ᠳᠤ | ᠬᠦᠷᠦᠭᠡᠳᠦᠢ ᠬᠤᠬᠢᠷᠠᠯ ᠠᠮᠰᠠᠭᠰᠠᠳ᠂ ᠨᠠᠰᠤᠨ ᠳᠤ ᠬᠦᠷᠦᠭᠡᠳᠦᠢ ᠵᠡᠮᠳᠡᠭᠴᠦᠳ᠂ ᠥᠨᠥᠴᠢᠨ ᠥᠷᠥᠭᠡᠰᠦᠨ ︵ᠤᠷᠤᠭ ᠰᠠᠯᠤᠭᠰᠠᠨ︶ ᠭᠡᠷ ᠪᠦᠯᠢ ᠶᠢᠨ ᠨᠠᠰᠤᠨ ᠳᠤ ᠦᠯᠦ | ᠬᠦᠷᠦᠭᠰᠡᠳ ᠵᠡᠷᠭᠡ ᠬᠠᠤᠯᠢ ᠴᠠᠭᠠᠵᠠ ᠶᠢᠨ ᠦᠢᠯᠡᠴᠢᠯᠡᠭᠡ ᠱᠠᠭᠠᠷᠳᠠᠭᠳᠠᠬᠤ ᠬᠥᠮᠥᠰ ᠲᠤ ᠠᠩᠬᠠᠷᠤᠯ ᠢᠶᠠᠨ ᠲᠥᠪᠯᠡᠷᠡᠭᠦᠯᠵᠦ᠂ ᠬᠠᠯᠠ ᠲᠠᠮᠤ ᠠᠮᠰᠠᠭᠳᠠᠭᠰᠠᠨ᠂ ᠭᠤᠯᠣᠵᠤ | ᠣᠷᠬᠢᠭᠳᠠᠭᠰᠠᠨ ᠡᠰᠡᠬᠦᠯ᠎ᠡ ᠭᠡᠷ ᠪᠦᠯᠢ ᠶᠢᠨ ᠬᠦᠴᠦᠷᠬᠡᠭᠯᠡᠯ ᠳᠤ ᠤᠴᠠᠷᠠᠭᠰᠠᠨ ᠨᠠᠰᠤᠨ ᠳᠤ ᠦᠯᠦ ᠬᠦᠷᠦᠭᠰᠡᠳ ᠬᠠᠤᠯᠢ ᠴᠠᠭᠠᠵᠠ ᠶᠢᠨ ᠲᠤᠰᠠᠯᠠᠮᠵᠢ | ᠭᠤᠶᠤᠴᠢᠯᠠᠬᠤ ᠳᠤ ᠠᠵᠤ ᠠᠬᠤᠢ ᠶᠢᠨ ᠬᠦᠴᠢᠷᠳᠡᠯ ᠪᠠᠶᠢᠬᠤ ᠡᠰᠡᠬᠦ ᠪᠠᠷ ᠬᠢᠵᠠᠭᠠᠷᠯᠠᠭᠳᠠᠬᠤ ᠦᠭᠡᠢ᠃ ᠠᠮᠢᠳᠤᠷᠠᠯ ᠤᠨ ᠢᠷᠡᠯᠲᠡ ᠨᠢ ᠲᠣᠭᠲᠠᠪᠤᠷᠢ ᠦᠭᠡᠢ ᠪᠠᠶᠢᠬᠤ | ᠨᠠᠰᠤᠨ ᠳᠤ ᠥᠯᠥ ᠭᠦᠷᠦᠭᠰᠡᠳ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠪᠠᠯ ᠠᠵᠤ ᠠᠬᠤᠢ ᠶᠢᠨ ᠬᠦᠴᠢᠷᠳᠡᠯ ᠤᠨ ᠪᠠᠶᠢᠳᠠᠯ ᠢ ᠨᠢ ᠬᠢᠨᠠᠨ ᠪᠠᠶᠢᠴᠠᠭᠠᠬᠤ ᠠᠴᠠ | ᠬᠡᠯᠲᠦᠷᠢᠭᠦᠯᠦᠨ᠎ᠡ᠃ ᠬᠢᠩᠭᠠᠨ ᠠᠶᠢᠮᠠᠭ ᠤᠨ ᠡᠯ᠎ᠡ ᠱᠠᠲᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠤᠭᠤᠳ ᠨᠢ ︽ᠢᠲᠡᠭᠡᠮᠵᠢ ᠪᠠᠷ | ᠭᠦᠢᠴᠡᠳᠬᠡᠬᠦ ᠳᠤ ᠳᠦᠭᠦᠮ + ᠬᠠᠤᠯᠢ ᠴᠠᠭᠠᠵᠠ ᠶᠢᠨ ᠲᠤᠰᠠᠯᠠᠮᠵᠢ︾ ᠶᠢᠨ ᠬᠡᠷᠡᠭᠯᠡᠭᠡᠨ ᠤ ᠠᠬᠤᠢ ᠪᠠᠶᠢᠳᠠᠯ ᠢ ᠰᠦᠪᠡᠭᠴᠢᠯᠡᠨ ᠬᠡᠷᠡᠭᠵᠢᠭᠦᠯᠵᠦ᠂ ᠦᠨᠳᠦᠰᠦᠨ | ᠨᠥᠬᠦᠴᠡᠯ ᠢ ᠪᠦᠷᠢᠯᠳᠦᠭᠦᠯᠦᠭᠰᠡᠨ᠂ ᠭᠤᠣᠯ ᠪᠣᠯᠬᠤ ᠮᠠᠲ᠋ᠧᠷᠢᠶᠠᠯ ᠨᠢ ᠪᠦᠷᠢᠨ ᠭᠦᠢᠴᠡᠳ ᠪᠥᠭᠡᠳ ᠬᠠᠤᠯᠢ ᠪᠠᠷ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ | ᠪᠣᠯᠪᠠᠴᠤ ᠪᠤᠰᠤᠳ ᠮᠠᠲ᠋ᠧᠷᠢᠶᠠᠯ ᠪᠤᠶᠤ ᠭᠠᠷᠳᠠᠮ ᠤᠨ ᠲᠠᠯ᠎ᠠ ᠪᠠᠷ ᠳᠤᠲᠠᠮᠠᠭ ᠪᠠᠶᠢᠬᠤ ᠬᠠᠤᠯᠢ ᠴᠠᠭᠠᠵᠠ ᠶᠢᠨ ᠲᠤᠰᠠᠯᠠᠮᠵᠢ ᠶᠢᠨ ᠵᠦᠢᠯᠡᠰ ᠢ ᠲᠤᠬᠠᠢ ᠶᠢᠨ ᠬᠥᠮᠥᠨ ᠪᠤᠶᠤ | ᠬᠠᠷᠠᠭᠠᠯᠵᠠᠨ ᠬᠠᠮᠠᠭᠠᠯᠠᠭᠴᠢ ᠠᠴᠠ ᠨᠥᠬᠦᠵᠦ ᠳᠡᠶᠢᠯᠬᠦ ᠠᠮᠠᠯᠠᠯᠲᠠ ᠬᠢᠭᠰᠡᠨ ᠪᠠᠶᠢᠳᠠᠯ ᠳᠣᠣᠷ᠎ᠠ ᠲᠤᠰᠢᠶᠠᠬᠤ ᠮᠠᠲ᠋ᠧᠷᠢᠶᠠᠯ ᠨᠢ ᠳᠤᠲᠠᠭᠤ ᠪᠠᠶᠢᠭᠰᠠᠨ ᠴᠤ ᠬᠦᠯᠢᠶᠡᠨ | ᠠᠪᠴᠤ ᠰᠢᠢᠳᠪᠦᠷᠢᠯᠡᠨ᠎ᠡ᠃ | ᠭᠤᠷᠪᠠ ᠳᠤ᠂ ᠰᠤᠷᠭᠠᠭᠤᠯᠢ ᠶᠢᠨ ᠬᠦᠷᠢᠶᠡᠨ ᠤ ᠬᠠᠤᠯᠢ ᠲᠦᠭᠡᠮᠡᠯᠵᠢᠭᠦᠯᠬᠦ ᠠᠵᠢᠯ ᠢ ᠴᠢᠩᠭᠠᠳᠬᠠᠨ᠎ᠠ᠃ ᠡᠪᠦᠯ ᠤᠨ ᠪᠠ ᠵᠣᠨ ᠤ ᠠᠮᠠᠷᠠᠯᠲᠠ᠂ ᠬᠠᠪᠤᠷ ᠤᠨ | ᠪᠠ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠵᠡᠷᠭᠡ ᠴᠠᠭ ᠬᠤᠭᠤᠴᠠᠭᠠᠨ ᠤ ᠴᠢᠬᠤᠯᠠ ᠵᠠᠩᠭᠢᠯᠠᠭ᠎ᠠ ᠶᠢᠨ ᠴᠡᠭ ᠤᠳ ᠢ ᠠᠰᠢᠭᠯᠠᠨ᠂ ᠬᠠᠤᠯᠢ ᠴᠠᠭᠠᠵᠠ ᠶᠢᠨ | ᠲᠤᠰᠠᠯᠠᠮᠵᠢ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠲᠤᠰᠬᠠᠢ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠢ | ᠬᠠᠮᠠᠭᠠᠯᠠᠬᠤ᠂ ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ᠂ ᠮᠡᠬᠡᠯᠡᠯ ᠢ | ᠡᠰᠡᠷᠭᠦᠴᠡᠬᠦ ᠮᠡᠬᠡᠯᠡᠨ ᠬᠤᠳᠠᠯᠳᠤᠬᠤ ᠶᠢ ᠡᠰᠡᠷᠭᠦᠴᠡᠬᠦ ᠪᠠ ᠪᠡᠯᠭᠡ ᠶᠢᠨ ᠬᠠᠯᠳᠠᠯᠭ᠎ᠠ ᠶᠢ ᠰᠡᠷᠭᠡᠶᠢᠯᠡᠬᠦ ᠠᠮᠤᠷ ᠲᠦᠪᠰᠢᠨ ᠤ ᠦᠵᠡᠯ ᠤᠬᠠᠮᠰᠠᠷ ᠵᠡᠷᠭᠡ ᠲᠠᠯ᠎ᠠ ᠶᠢᠨ | ᠬᠥᠮᠦᠵᠢᠯ ᠢ ᠬᠠᠨᠳᠤᠯᠭᠠᠲᠤ ᠴᠢᠨᠠᠷᠲᠠᠢ ᠪᠠᠷ ᠥᠷᠨᠢᠭᠦᠯᠦᠨ᠎ᠡ᠃ ᠪᠠᠶᠠᠨᠨᠠᠭᠤᠷ ᠬᠤᠲᠠ ᠶᠢᠨ ᠡᠯ᠎ᠡ ᠱᠠᠲᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ | ᠪᠠᠶᠢᠭᠤᠯᠤᠮᠵᠢ ᠨᠤᠭᠤᠳ ᠨᠢ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ ᠤᠨ ᠦᠢᠯᠡᠳᠦᠯ ᠢᠶᠠᠨ ᠭᠦᠢᠴᠡᠳ | ᠪᠠᠳᠠᠷᠠᠭᠤᠯᠵᠤ᠂ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠪᠠ ᠬᠠᠷᠢᠯᠴᠠᠨ ᠬᠥᠳᠡᠯᠦᠯᠴᠡᠵᠦ ᠪᠡᠶᠡᠴᠢᠯᠡᠨ ᠣᠶᠢᠯᠠᠭᠠᠬᠤ ᠪᠠᠷ ᠳᠠᠮᠵᠢᠭᠤᠯᠤᠨ᠂ ︽ᠭᠦᠨ | ᠰᠠᠭᠤᠭᠳᠠᠭᠤᠯᠬᠤ ᠮᠠᠶ᠋ᠢᠭ︾ ᠤᠨ ᠬᠠᠤᠯᠢ ᠲᠦᠭᠡᠮᠡᠯᠵᠢᠭᠦᠯᠬᠦ ᠪᠡᠶᠡᠴᠢᠯᠡᠨ ᠣᠶᠢᠯᠠᠭᠠᠬᠤ ᠦᠢᠯᠡᠳᠦᠯᠭᠡ ᠬᠥᠮᠦᠵᠢᠯ ᠤᠨ ᠠᠵᠢᠯᠯᠠᠭ᠎ᠠ ᠶᠢ ᠰᠢᠨ᠎ᠡ ᠪᠠᠷ ᠡᠭᠦᠳᠦᠨ | ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠢ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠭᠦᠨ ᠰᠠᠭᠤᠭᠳᠠᠯ ᠲᠠᠢ ᠪᠣᠯᠲᠠᠯ᠎ᠠ ᠨᠢ ᠰᠤᠷᠤᠯᠴᠠᠭᠤᠯᠵᠤ᠂ | ᠬᠠᠤᠯᠢᠵᠢᠯ ᠤᠨ ᠤᠬᠠᠮᠰᠠᠷ ᠪᠠ ᠬᠡᠪ ᠪᠣᠯᠪᠠᠰᠤᠷᠠᠯ ᠢ ᠨᠢ ᠳᠡᠭᠡᠭᠰᠢᠯᠡᠭᠦᠯᠪᠡ᠃ ᠤᠯᠠᠭᠠᠨᠬᠠᠳᠠ ᠬᠤᠲᠠ ᠶᠢᠨ ᠬᠢᠨ ︽ᠵᠠᠯᠠᠭᠤᠴᠤᠳ ᠪᠠᠭᠠᠴᠤᠳ ᠢ ᠬᠠᠤᠯᠢᠵᠢᠯ ᠢᠶᠠᠷ | ᠰᠤᠷᠭᠠᠨ ᠬᠥᠮᠥᠵᠢᠭᠦᠯᠬᠦ ᠬᠥᠲᠥᠯᠪᠦᠷᠢ︾ ᠶᠢ ᠨᠠᠶᠢᠳᠠᠪᠤᠷᠢᠵᠢᠭᠤᠯᠵᠤ᠂ ᠬᠠᠤᠯᠢᠵᠢᠯ ᠤᠨ ᠵᠢᠭᠠᠨ ᠰᠤᠷᠭᠠᠯᠲᠠ ᠶᠢᠨ ᠬᠢᠴᠢᠶᠡᠯ ᠢ ᠪᠥᠬᠦ ᠲᠠᠯ᠎ᠠ ᠪᠠᠷ ᠬᠡᠷᠡᠭᠵᠢᠭᠦᠯᠵᠦ᠂ 573 | ᠳᠤᠮᠳᠠᠳᠤ ᠪᠠᠭ᠎ᠠ ᠰᠤᠷᠭᠠᠭᠤᠯᠢ ᠳᠤ ᠬᠠᠤᠯᠢ ᠪᠠᠷ ᠵᠠᠰᠠᠬᠤ ᠳᠡᠳ᠋ ᠵᠠᠬᠢᠷᠤᠯ ᠲᠣᠬᠢᠷᠠᠭᠤᠯᠤᠭᠰᠠᠨ ᠨᠣᠷᠮ᠎ᠠ 100% ᠳᠤ ᠬᠦᠷᠴᠦ᠂ ᠬᠠᠤᠯᠢ ᠪᠠᠷ ᠵᠠᠰᠠᠬᠤ ᠣᠨᠴᠠᠯᠢᠭᠲᠤ | ᠰᠤᠷᠭᠠᠭᠤᠯᠢ ᠶᠢ ᠪᠣᠶᠢᠵᠢᠭᠤᠯᠤᠨ ᠪᠠᠶᠢᠭᠤᠯᠬᠤ ᠠᠵᠢᠯ ᠢ ᠥᠷᠨᠢᠭᠦᠯᠦᠨ᠂ ᠵᠠᠯᠠᠭᠤᠴᠤᠳ ᠪᠠᠭᠠᠴᠤᠳ ᠲᠤ ᠬᠠᠤᠯᠢ ᠶᠢᠨ ᠤᠬᠠᠭᠠᠨ ᠢ ᠰᠤᠷᠤᠯᠴᠠᠬᠤ ᠲᠡᠮᠳᠡᠭᠯᠡᠯ ᠤᠨ | ᠳᠡᠪᠲᠡᠷ ᠢ ᠳᠠᠷᠤᠮᠠᠯᠯᠠᠨ ᠦᠢᠯᠡᠳᠦᠨ ᠥᠭᠴᠦ᠂ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠤ ᠳᠠᠷᠠᠭ᠎ᠠ ᠪᠥᠬᠦ ᠬᠤᠲᠠ ᠶᠢᠨ ᠡᠯ᠎ᠡ ᠬᠤᠰᠢᠭᠤ ᠰᠢᠶᠠᠨ | ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠳᠤ ︽ᠬᠥᠮᠥᠨ ᠤ ᠠᠮᠢᠳᠤᠷᠠᠯ ᠤᠨ ᠠᠩᠬᠠᠨ ᠤ ᠬᠠᠤᠯᠢᠵᠢᠯ ᠤᠨ ᠬᠢᠴᠢᠶᠡᠯ︾ ᠤᠨ ᠬᠠᠤᠯᠢ ᠲᠦᠭᠡᠮᠡᠯᠵᠢᠭᠦᠯᠬᠦ | ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ | ᠳᠥᠷᠪᠡ ᠳᠤ᠂ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃ ᠨᠠᠰᠤᠨ ᠳᠤ ᠦᠯᠦ ᠬᠦᠷᠦᠭᠰᠡᠳ ᠤᠨ ᠪᠡᠶ᠎ᠡ ᠰᠡᠳᠬᠢᠴᠡ ᠶᠢᠨ | ᠣᠨᠴᠠᠯᠢᠭ ᠢ ᠰᠠᠶᠢᠲᠤᠷ ᠣᠶᠢᠯᠠᠭᠠᠬᠤ ᠪᠠ ᠨᠠᠰᠤᠨ ᠳᠤ ᠦᠯᠦ ᠬᠦᠷᠦᠭᠰᠡᠳ ᠤᠨ ᠬᠠᠤᠯᠢ ᠴᠠᠭᠠᠵᠠ ᠶᠢᠨ ᠲᠤᠬᠠᠶᠢᠯᠠᠭᠰᠠᠨ ᠠᠵᠢᠯ ᠳᠤ ᠴᠠᠭᠠᠷᠠᠭᠰᠠᠨ ᠬᠠᠤᠯᠢᠴᠢ ᠶᠢ ᠡᠩ | ᠲᠡᠷᠢᠭᠦᠨ ᠳᠤ ᠲᠣᠮᠢᠯᠠᠵᠤ ᠨᠠᠰᠤᠨ ᠳᠤ ᠦᠯᠦ ᠬᠦᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠰᠢᠢᠳᠪᠦᠷᠢᠯᠡᠭᠦᠯᠵᠦ᠂ ᠡᠴᠦᠰ ᠲᠤ ᠨᠢ ᠲᠤᠯᠲᠠᠯ᠎ᠠ | ᠲᠤᠰᠠᠯᠠᠬᠤ ᠶᠢ ᠬᠡᠷᠡᠭᠵᠢᠭᠦᠯᠪᠡ᠃ ᠬᠥᠬᠡᠬᠤᠲᠠ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠢ ᠬᠤᠲᠠ ᠶᠢᠨ ᠨᠠᠰᠤᠨ ᠳᠤ ᠥᠯᠥ ᠭᠦᠷᠦᠭᠰᠡᠳ ᠢ | ᠬᠠᠮᠠᠭᠠᠯᠠᠬᠤ ᠵᠥᠪᠯᠡᠯ ᠤᠨ ᠰᠠᠭᠤᠷᠢᠨ ᠳᠡᠭᠡᠷ᠎ᠡ᠂ ᠤᠯᠤᠰ ᠲᠥᠷᠥ ᠶᠢᠨ ᠤᠬᠠᠮᠰᠠᠷ ᠢᠶᠠᠷ ᠴᠢᠩᠭ᠎ᠠ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠰᠠᠶᠢᠨ᠂ ᠬᠠᠶᠢᠷ᠎ᠠ | ᠬᠠᠯᠠᠮᠵᠢ ᠲᠠᠢ᠂ ᠪᠤᠰᠤᠳ ᠲᠤ ᠲᠤᠰᠠᠴᠢ 50 ᠬᠠᠤᠯᠢᠴᠢ ᠶᠢ ᠣᠷᠣᠭᠤᠯᠵᠤ ᠠᠪᠴᠢᠷᠠᠨ᠂ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ | ᠲᠤᠰᠠᠯᠠᠮᠵᠢ ᠶᠢᠨ ᠬᠠᠤᠯᠢᠴᠢᠳ ᠤᠨ ᠬᠥᠮᠥᠷᠭᠡ ᠶᠢ ᠵᠣᠬᠢᠶᠠᠨ ᠪᠠᠶᠢᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ᠂ ᠭᠡᠷ ᠲᠤ ᠪᠠᠨ ᠦᠯᠡᠳᠡᠵᠦ ᠬᠤᠴᠣᠷᠤᠭᠰᠠᠨ | ᠬᠡᠦᠬᠡᠳ᠂ ᠵᠡᠮᠳᠡᠭ ᠬᠡᠦᠬᠡᠳ ᠲᠤ ᠪᠣᠯᠵᠣᠬᠤ ᠦᠢᠯᠡᠴᠢᠯᠡᠭᠡ᠂ ᠭᠡᠷ ᠲᠤ ᠨᠢ ᠬᠦᠷᠴᠦ ᠦᠢᠯᠡᠴᠢᠯᠡᠬᠦ ᠦᠢᠯᠡᠴᠢᠯᠡᠭᠡ ᠶᠢ ᠣᠨᠣᠴᠠᠲᠠᠢ ᠪᠠᠷ ᠬᠠᠩᠭᠠᠪᠠ᠃ | ᠲᠠᠪᠤ ᠳᠤ᠂ ᠣᠨᠴᠠᠯᠢᠭᠲᠤ ᠨᠡᠷᠡᠲᠦ ᠲᠡᠮᠳᠡᠭ ᠢ ᠡᠭᠦᠳᠪᠡ᠃ ᠥᠪᠥᠷ ᠮᠣᠩᠭᠤᠯ ᠤᠨ ︽12348︾ ᠣᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠬᠠᠯᠠᠮᠰᠢᠯ ᠤᠲᠠᠰᠤ ᠨᠢ ᠨᠠᠰᠤᠨ ᠳᠤ ᠥᠯᠥ ᠭᠦᠷᠦᠭᠰᠡᠳ ᠲᠤ 7 × 24 ×ᠴᠠᠭ ᠤᠨ ᠪᠥᠬᠦ ᠵᠢᠯ ᠢᠶᠠᠷ ᠠᠮᠠᠷᠠᠯᠲᠠ ᠦᠭᠡᠢ ᠪᠠᠷ ᠦᠢᠯᠡᠴᠢᠯᠡᠬᠦ | ᠬᠠᠤᠯᠢ ᠴᠠᠭᠠᠵᠠ ᠶᠢᠨ ᠵᠥᠪᠯᠡᠯᠭᠡ ᠥᠭᠬᠦ ᠦᠢᠯᠡᠴᠢᠯᠡᠭᠡ ᠪᠠ ᠰᠡᠳᠬᠢᠴᠡ ᠶᠢᠨ ᠵᠥᠪᠯᠡᠯᠭᠡ ᠥᠭᠬᠦ ᠦᠢᠯᠡᠴᠢᠯᠡᠭᠡ ᠶᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠵᠤ | ᠪᠣᠢ᠃ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠭᠰᠠᠳ ᠲᠤ ᠦᠢᠯᠡᠴᠢᠯᠡᠬᠦ ᠬᠠᠯᠠᠮᠰᠢᠯ ᠤᠲᠠᠰᠤ ᠲᠣᠰᠬᠤ ᠲᠤᠰᠬᠠᠢ | ᠬᠥᠮᠥᠨ ᠲᠠᠭᠠᠷᠠᠭᠤᠯᠵᠤ᠂ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠰᠠᠭᠤᠨ ᠯᠠᠪᠯᠠᠯᠲᠠ ᠶᠢ ᠲᠤᠰᠬᠠᠶᠢᠯᠠᠨ ᠭᠥᠯᠢᠶᠡᠨ ᠠᠪᠴᠤ | ᠰᠣᠨᠣᠰᠤᠨ᠂ ᠨᠠᠰᠤᠨ ᠳᠤ ᠥᠯᠥ ᠭᠦᠷᠦᠭᠰᠡᠳ ᠤᠨ ᠤᠲᠠᠰᠤ ᠢᠷᠡᠭᠦᠯᠦᠭᠰᠡᠨ ᠠᠰᠠᠭᠤᠨ ᠯᠠᠪᠯᠠᠯᠲᠠ ᠶᠢᠨ ᠠᠭᠤᠯᠭ᠎ᠠ ᠶᠢ ᠴᠠᠭ ᠲᠤᠬᠠᠢ ᠳᠤ ᠨᠢ ᠵᠠᠳᠠᠯᠵᠤ᠂ ᠤᠷᠢᠳᠴᠢᠯᠠᠨ | ᠰᠡᠷᠡᠮᠵᠢᠯᠡᠭᠦᠯᠬᠦ ᠮᠡᠳᠡᠭᠦᠯᠦᠯᠲᠡ ᠶᠢᠨ ᠲᠣᠭᠲᠠᠴᠠ ᠶᠢ ᠬᠡᠷᠡᠭᠵᠢᠭᠦᠯᠪᠡ᠃ ︽110︾ ᠳᠣᠲᠣᠭᠠᠳᠤ ᠶᠢ ᠬᠠᠮᠠᠭᠠᠯᠠᠬᠤ ᠲᠦᠭᠰᠢᠭᠦᠷᠢ ᠮᠡᠳᠡᠭᠦᠯᠬᠦ ᠤᠲᠠᠰᠤ᠂ ︽12345︾ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ᠂ ︽12355︾ ᠵᠠᠯᠠᠭᠤᠴᠤᠳ ᠪᠠᠭᠠᠴᠤᠳ ᠤᠨ ᠦᠢᠯᠡᠴᠢᠯᠡᠭᠡᠨ ᠤ | ᠲᠠᠪᠴᠠᠩ ᠵᠡᠷᠭᠡ ᠰᠠᠯᠠᠭ᠎ᠠ ᠮᠥᠴᠢᠷ ᠤᠳ ᠤᠨ ᠬᠠᠯᠠᠮᠰᠢᠯ ᠤᠲᠠᠰᠤ ᠯᠤᠭ᠎ᠠ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ | ᠨᠠᠰᠤᠨ ᠳᠤ ᠥᠯᠥ ᠭᠦᠷᠦᠭᠰᠡᠳ ᠲᠤ ︽ᠡᠷᠢᠵᠦ ᠣᠯᠳᠠᠬᠤ᠂ ᠰᠠᠶᠢᠲᠤᠷ ᠬᠡᠷᠡᠭᠯᠡᠭᠳᠡᠬᠦ᠂ ᠭᠦᠢᠴᠡᠳᠬᠡᠵᠦ ᠥᠭᠴᠦ ᠳᠡᠶᠢᠯᠬᠦ︾ ᠨᠢᠭᠡ ᠥᠷᠲᠡᠭᠡᠴᠢᠯᠡᠭᠰᠡᠨ ᠮᠠᠶ᠋ᠢᠭ ᠤᠨ | ᠬᠠᠤᠯᠢ ᠴᠠᠭᠠᠵᠠ ᠶᠢᠨ ᠠᠰᠠᠭᠤᠨ ᠯᠠᠪᠯᠠᠬᠤ ᠦᠢᠯᠡᠴᠢᠯᠡᠭᠡ ᠬᠦᠷᠲᠡᠭᠡᠬᠦ ᠶᠢ ᠦᠨᠡᠨ ᠬᠦ ᠪᠠᠲᠤᠯᠠᠵᠤ ᠪᠣᠢ᠃ | | |