2025 ᠣᠨ ᠤ 4 ᠳ᠋ᠤᠭᠠᠷ ᠰᠠᠷ᠎ᠠ ᠶᠢᠨ ᠶᠡᠭᠡ ᠬᠡᠷᠡᠭ ᠤᠨ ᠲᠡᠮᠳᠡᠭᠯᠡᠯ
ᠨᠡᠶᠢᠲᠡᠯᠡᠭᠰᠡᠨ ᠴᠠᠭ᠄
2025/5/30
          4 ᠰᠠᠷ᠎ᠠ ᠶᠢᠨ 2 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠵᠢᠪᠬᠤᠯᠠᠩᠲᠤ ᠰᠤᠮᠤ᠂ ᠴᠠᠭᠠᠨ ᠪᠠᠯᠭᠠᠰᠤᠨ ᠳᠤ ᠭᠦᠨᠵᠡᠭᠡᠶᠢᠷᠡᠨ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ᠂ ᠺᠠᠳ᠋ᠷ ᠤᠨ ᠡᠩᠨᠡᠭᠡᠨ ᠤ ᠰᠤᠷᠲᠠᠯ ᠤᠨ ᠪᠠᠶᠢᠭᠤᠯᠤᠯᠲᠠ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ᠂ ᠲᠥᠯ ᠮᠠᠯ ᠤᠨ ᠠᠵᠢᠯ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠭᠦᠸᠧ ᠬᠠᠨ ᠶᠤᠸᠠᠢ᠂ ᠯᠢᠦ ᠷᠧᠨ ᠴᠢᠩ ᠨᠠᠷ ᠪᠠᠷ᠎ᠠ ᠪᠣᠯᠪᠠ᠃          4 ᠰᠠᠷ᠎ᠠ ᠶᠢᠨ 8 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠵᠠᠩ ᠮᠢᠩ 12345 ᠬᠠᠯᠠᠭᠤᠨ ᠤᠲᠠᠰᠤᠨ ᠤ ᠠᠵᠢᠯ ᠤᠨ ᠬᠠᠭᠤᠳᠠᠰᠤ ᠶᠢ ᠲᠣᠬᠢᠷᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠯᠪᠣᠭᠳᠠᠯ ᠪᠦᠬᠦᠢ ᠰᠤᠮᠤ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃          4 ᠰᠠᠷ᠎ᠠ ᠶᠢᠨ 8 ᠤ ᠡᠳᠦᠷ ᠪᠥᠬᠦ ᠬᠤᠲᠠ ᠶᠢᠨ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠯᠬᠢᠨ ᠠᠬᠢᠭᠤᠯᠬᠤ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2025 ᠣᠨ ᠤ ᠰᠡᠯᠭᠦᠨ ᠮᠠᠯᠵᠢᠬᠤ ᠬᠤᠭᠤᠴᠠᠭᠠᠨ ᠳᠠᠬᠢ ᠪᠡᠯᠴᠢᠭᠡᠷᠯᠡᠭᠦᠯᠬᠦ ᠶᠢ ᠵᠣᠭᠰᠤᠭᠠᠬᠤ ᠬᠢᠨᠠᠯᠲᠠ ᠬᠠᠮᠢᠶᠠᠷᠤᠯᠲᠠ ᠪᠠ ᠠᠮᠢ ᠠᠬᠤᠢ ᠶᠢᠨ ᠬᠠᠤᠯᠢ ᠬᠡᠷᠡᠭᠵᠢᠭᠦᠯᠬᠦ ᠠᠵᠢᠯ ᠢ ᠴᠢᠩᠭᠠᠳᠬᠠᠬᠤ ᠶᠢᠨ ᠲᠥᠯᠥᠭᠡ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠵᠥᠩ ᠱᠧᠦ ᠴᠢᠥᠸᠠᠨ ᠪᠦᠯᠬᠦᠮ ᠳᠠᠭᠠᠭᠤᠯᠤᠨ ᠡᠯ᠎ᠡ ᠰᠤᠮᠤ ᠪᠠᠯᠭᠠᠰᠤᠨ ᠳᠤ ᠬᠦᠷᠴᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠪᠠᠶᠢᠴᠠᠭᠠᠨ ᠰᠤᠳᠤᠯᠤᠯᠲᠠ ᠶᠢᠨ ᠠᠵᠢᠯ ᠢ ᠥᠷᠨᠢᠭᠦᠯᠵᠦ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃          4 ᠰᠠᠷ᠎ᠠ ᠶᠢᠨ 10 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ︽ᠳᠦᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠠᠮᠤᠭᠤᠯᠠᠩ ᠪᠠᠯᠭᠠᠰᠤ᠂ ᠰᠢᠨᠡᠪᠤᠯᠠᠭ ᠰᠤᠮᠤ ᠵᠡᠷᠭᠡ ᠭᠠᠵᠠᠷ ᠢᠶᠠᠷ ᠬᠦᠢᠠᠵᠠᠭᠡᠶᠢᠷᠠᠵᠤ᠂ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠬᠤᠭᠤᠴᠠᠭᠠᠨ ᠳᠠᠬᠢ ᠪᠡᠯᠴᠢᠭᠡᠷᠯᠡᠭᠦᠯᠬᠦ ᠶᠢ ᠵᠣᠭᠰᠤᠭᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠪᠠᠳᠠᠨ ᠵᠢᠯᠣᠭᠤᠳᠪᠠ᠃          4 ᠰᠠᠷ᠎ᠠ ᠶᠢᠨ 14 ᠤ ᠡᠳᠦᠷ ᠰᠢᠨ᠎ᠡ ᠪᠠᠷᠭᠤ ᠵᠡᠭᠦᠨ ᠬᠤᠰᠢᠭᠤᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠵᠢᠴᠢ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠲᠤᠰᠬᠠᠢ ᠰᠡᠳᠦᠪᠲᠦ ᠲᠣᠭᠤᠷᠢᠨ ᠦᠵᠡᠵᠦ ᠰᠤᠷᠤᠯᠴᠠᠬᠤ ᠠᠵᠢᠯᠯᠠᠭ᠎ᠠ ᠥᠷᠨᠢᠭᠦᠯᠵᠡᠢ᠃          4 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠬᠤᠰᠢᠭᠤᠨ ᠤ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠲᠤᠰᠬᠠᠢ ᠠᠩᠭᠢ ᠶᠢᠨ ᠠᠯᠪᠠᠨ ᠭᠡᠷ᠂ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠢ ᠤᠷᠲᠤᠳᠬᠠᠨ ᠳᠠᠭᠠᠭᠠᠴᠢᠯᠠᠭᠤᠯᠬᠤ ᠶᠢᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠤᠨ ᠲᠤᠰᠬᠠᠢ ᠠᠩᠭᠢ ᠶᠢᠨ ᠠᠯᠪᠠᠨ ᠭᠡᠷ ᠲᠤ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠤᠳᠪᠠ᠃          4 ᠰᠠᠷ᠎ᠠ ᠶᠢᠨ 16 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠬᠠᠨᠳᠠᠭᠠᠢ ᠰᠤᠮᠤ ᠶᠢᠨ ᠭᠤᠷᠪᠠᠨ ᠰᠠᠶᠢᠬᠠᠨ ᠵᠤᠰᠠᠯᠠᠩ ᠪᠠ ᠰᠢᠨ ᠶᠤᠸᠠᠢ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠭᠦᠨᠵᠡᠭᠡᠶᠢᠷᠡᠨ᠂ ᠭᠤᠷᠪᠠᠨ ᠰᠠᠶᠢᠬᠠᠨ ᠨᠡᠭᠦᠳᠡᠯ ᠮᠠᠯᠵᠢᠯ ᠤᠨ ᠡᠬᠢᠯᠡᠯᠲᠡ ᠶᠢᠨ ᠶᠣᠰᠣᠯᠠᠯ ᠤᠨ ᠪᠡᠯᠡᠳᠬᠡᠯ ᠠᠵᠢᠯ ᠵᠢᠴᠢ ᠬᠠᠨᠳᠠᠭᠠᠢ ᠶᠢᠨ ᠲᠡᠮᠦᠷ ᠤᠨ ᠵᠡᠰ ᠤᠨ ᠠᠭᠤᠷᠬᠠᠢ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠤᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃          4 ᠰᠠᠷ᠎ᠠ ᠶᠢᠨ 16 ᠤ ᠡᠳᠦᠷ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠠᠮᠤᠷᠪᠠᠲᠤ ᠬᠤᠷᠠᠯ ᠢ ᠡᠷᠭᠢᠯᠡᠵᠦ᠂ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠳᠡᠭᠡᠳᠦ ᠱᠠᠲᠤᠨ ᠤ ᠬᠠᠮᠢᠶ᠎ᠠ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃          4 ᠰᠠᠷ᠎ᠠ ᠶᠢᠨ 16 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠵᠠᠩ ᠮᠢᠩ ︽ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠬᠠᠨᠳᠠᠭᠠᠢ ᠰᠤᠮᠤ ᠳᠤ ᠭᠦᠨᠵᠡᠭᠡᠶᠢᠷᠡᠵᠦ᠂ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠪᠣᠳᠠᠲᠠᠢ ᠭᠠᠵᠠᠷ ᠲᠤᠨᠢ ᠬᠢᠨᠠᠨ ᠵᠢᠯᠣᠭᠤᠳᠪᠠ᠃          4 ᠰᠠᠷ᠎ᠠ ᠶᠢᠨ 17 ᠤ ᠡᠳᠦᠷ ᠭᠤᠷᠪᠠᠨ ᠰᠠᠶᠢᠬᠠᠨ ᠤ ᠨᠡᠭᠦᠳᠡᠯ ᠮᠠᠯᠵᠢᠯ ᠤᠨ ᠠᠵᠢᠯᠯᠠᠭ᠎ᠠ ᠶᠢᠨ ᠲᠤᠰᠬᠠᠢ ᠰᠡᠳᠦᠪᠲᠦ ᠲᠣᠬᠢᠷᠠᠭᠤᠯᠭ᠎ᠠ ᠶᠢᠨ ᠬᠤᠷᠠᠯ ᠬᠤᠷᠠᠯᠳᠤᠵᠠᠢ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠭᠦᠸᠧ ᠬᠠᠨ ᠶᠤᠸᠠᠢ ᠬᠤᠷᠠᠯ ᠳᠤ ᠣᠷᠣᠯᠴᠠᠵᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠭᠤᠸᠠᠨ ᠴᠠᠩ ᠷᠦᠩ ᠬᠤᠷᠠᠯ ᠢ ᠡᠷᠭᠢᠯᠡᠪᠡ᠃          4 ᠰᠠᠷ᠎ᠠ ᠶᠢᠨ 18 ᠤ ᠡᠳᠦᠷ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ‍ᠤᠨᠪᠠᠶᠢᠩᠭᠤ ᠶᠢᠨ ᠬᠤᠷᠢᠶᠠᠨ ᠤ ᠳᠡᠳ᠋ ᠡᠷᠭᠢᠯᠡᠭᠴᠢ ᠠᠨ ᠢᠦᠢ ᠯᠦᠩ ᠨᠠᠷ ᠵᠢᠪᠬᠤᠯᠠᠩᠲᠤ ᠰᠤᠮᠤᠨ ᠳᠤ ᠭᠦᠨᠵᠡᠭᠡᠶᠢᠷᠡᠨ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠰᠤᠮᠤᠨ ᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃          4 ᠰᠠᠷ᠎ᠠ ᠶᠢᠨ 21 ᠤ ᠡᠳᠦᠷ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢ ᠭᠦᠨᠵᠡᠭᠡᠢ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠬᠦ ᠶᠢᠨ ᠲᠥᠯᠥᠭᠡ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠳ᠋ᠦ᠋ ᠴᠧᠨ ᠰᠢᠩ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢ ᠵᠣᠯᠭᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠢᠴᠢ ᠬᠥᠬᠡᠬᠠᠳᠠ ᠰᠦ ᠶᠢᠨ ᠦᠢᠯᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃          4 ᠰᠠᠷ᠎ᠠ ᠶᠢᠨ 22 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2025 ᠣᠨ ᠤ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠣᠭᠤᠭᠠᠷᠠᠭᠤᠯᠤᠯᠲᠠ ᠶᠢ ᠥᠷᠭᠡᠳᠬᠡᠨ ᠨᠣᠭᠤᠭᠠᠷᠠᠭᠤᠯᠤᠯᠲᠠ ᠶᠢ ᠬᠥᠭᠵᠢᠭᠦᠯᠵᠦ ᠨᠣᠭᠤᠭᠠᠷᠠᠭᠤᠯᠤᠯᠲᠠ ᠶᠢ ᠬᠠᠮᠠᠭᠠᠯᠠᠬᠤ︽ᠭᠤᠷᠪᠠᠨ ᠨᠣᠭᠤᠭᠠᠷᠠᠭᠤᠯᠤᠯᠲᠠ︾ ᠶᠢ ᠵᠡᠷᠭᠡᠪᠡᠷ ᠡᠷᠬᠢᠮᠯᠡᠬᠦ ᠶᠢ ᠪᠠᠷᠢᠮᠲᠠᠯᠠᠵᠤ᠂ ᠤᠢ ᠰᠢᠭᠤᠢ ᠡᠪᠡᠰᠦ ᠪᠡᠯᠴᠢᠭᠡᠷ ᠤᠨ ᠠᠵᠤ ᠦᠢᠯᠡᠰ ᠢ ᠲᠦᠷᠭᠡᠨ ᠪᠣᠶᠢᠵᠢᠭᠤᠯᠵᠤ᠂ ᠤᠢ ᠰᠢᠭᠤᠢ ᠡᠪᠡᠰᠦ ᠪᠡᠯᠴᠢᠭᠡᠷ ᠢ ᠡᠪᠳᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠬᠦᠴᠦᠲᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃          4 ᠰᠠᠷ᠎ᠠ ᠶᠢᠨ 23 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 136 ᠳ᠋ᠤᠭᠠᠷ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠬᠤᠷᠠᠯ ᠡᠷᠭᠢᠯᠡᠪᠡ᠃ ᠦ᠋ ᠰᠢᠤᠸᠠᠢ ᠶᠦᠩ᠂ ᠪᠠᠢ ᠵᠧᠨ ᠰᠢᠶᠠᠨ ᠵᠡᠷᠭᠡ ᠬᠤᠰᠢᠭᠤᠨ ᠤ ᠤᠳᠤᠷᠢᠳᠤᠯᠭ᠎ᠠ ᠬᠤᠷᠠᠯ ᠳᠤ ᠣᠷᠣᠯᠴᠠᠵᠠᠢ᠃          4 ᠰᠠᠷ᠎ᠠ ᠶᠢᠨ 23 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ︽ᠵᠡᠭᠦᠨ ᠬᠤᠰᠢᠭᠤᠨ ᠤ ᠲᠠᠷᠢᠶᠠᠯᠠᠩ ᠤᠨ ᠲᠠᠯᠠᠪᠠᠶ︾᠂ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠥᠬᠦ ᠰᠢᠶᠠᠨ ᠢᠶᠠᠷ ᠢᠶᠠᠨ ᠲᠦᠯᠬᠢᠨ ᠠᠬᠢᠭᠤᠯᠬᠤ ᠲᠥᠷᠥᠯ ᠵᠦᠢᠯ ᠤᠨ ᠲᠤᠬᠠᠢ ᠶᠢᠨ ᠭᠠᠵᠠᠷ ᠵᠢᠴᠢ ᠡᠪᠡᠳᠴᠢᠨ ᠢᠶᠠᠷ ᠦᠬᠦᠭᠰᠡᠨ ᠮᠠᠯ ᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠲᠥᠷᠥᠯ ᠵᠦᠢᠯ ᠤᠨ ᠪᠡᠯᠡᠳᠬᠡᠯ ᠭᠠᠵᠠᠷ ᠲᠤ ᠭᠦᠨᠵᠡᠭᠡᠶᠢᠷᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠭᠤᠣᠯᠳᠠᠯᠭ᠎ᠠ ᠲᠠᠢ ᠲᠥᠷᠥᠯ ᠵᠦᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ᠃ ᠬᠤᠰᠢᠭᠤᠨ ᠤ ᠤᠳᠤᠷᠢᠳᠤᠯᠭ᠎ᠠ ᠬᠠᠳᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃          4 ᠰᠠᠷ᠎ᠠ ᠶᠢᠨ 28 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠴᠠᠭᠠᠨ ᠪᠠᠯᠭᠠᠰᠤ᠂ ᠵᠢᠪᠬᠤᠯᠠᠩᠲᠤ ᠰᠤᠮᠤ ᠳᠤ ᠬᠦᠢᠠᠵᠠᠭᠡᠶᠢᠷᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠣᠢ ᠰᠢᠭᠤᠢ ᠨᠤᠲᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠢ ᠰᠢᠪᠠᠳᠠᠨ ᠵᠢᠯᠣᠭᠤᠳᠪᠠ᠃ ᠬᠤᠯᠪᠣᠭᠳᠠᠯ ᠪᠦᠬᠦᠢ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ