ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 3 ᠰᠠᠷ᠎ᠠ ᠶᠢᠨ 21 ᠠᠴᠠ | 4 ᠰᠠᠷ᠎ᠠ ᠶᠢᠨ 17 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠨᠢᠭᠡᠨᠲᠡ 4 ᠪᠦᠯᠦᠭ ᠤᠳᠠᠭ᠎ᠠ ᠶᠢᠨ ᠡᠮ ᠤᠨ ᠵᠦᠢᠯᠡᠰ ᠤᠨ ᠦᠨ᠎ᠡ ᠬᠠᠩᠰᠢ ᠶᠢᠨ | ᠵᠠᠰᠠᠯᠲᠠ ᠶᠢ ᠪᠡᠶᠡᠯᠡᠭᠦᠯᠵᠦ᠂ 3416 ᠡᠮ ᠤᠨ ᠵᠦᠢᠯᠡᠰ ᠤᠨ ᠰᠦᠯᠵᠢᠶᠡᠨ ᠳᠤ ᠤᠷᠤᠭᠤᠯᠬᠤ ᠦᠨ᠎ᠡ ᠶᠢ ᠳᠤᠮᠳᠠᠴᠢ ᠪᠠᠷ 40% ᠪᠠᠷ ᠪᠠᠭᠤᠷᠠᠭᠤᠯᠪᠠ᠃ | ᠣᠶᠢᠯᠠᠭᠠᠭᠰᠠᠨ ᠢᠶᠠᠷ᠂ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠡᠮ ᠤᠨ ᠵᠦᠢᠯ ᠤᠨ | ᠰᠦᠯᠵᠢᠶᠡᠨ ᠳᠤ ᠭᠠᠷᠬᠤ ᠳᠦᠷᠢᠮ ᠢ ᠲᠣᠳᠣᠷᠬᠠᠶᠢᠯᠠᠵᠤ᠂ ᠬᠡᠮᠵᠢᠶᠡᠵᠢᠭᠦᠯᠦᠭᠰᠡᠨ ᠦᠨ᠎ᠡ ᠬᠠᠩᠰᠢ ᠶᠢᠨ ᠪᠠᠷᠢᠮᠵᠢᠶ᠎ᠠ ᠪᠠᠷ ᠳᠠᠮᠵᠢᠨ᠂ ᠦᠨ᠎ᠡ ᠬᠠᠩᠰᠢ ᠶᠢᠨ ᠤᠷᠢᠳᠴᠢᠯᠠᠨ | ᠰᠡᠷᠡᠮᠵᠢᠯᠡᠭᠦᠯᠭᠦ ᠲᠣᠭᠲᠠᠴᠠ ᠶᠢ ᠪᠠᠶᠢᠭᠤᠯᠵᠤ᠂ ᠡᠮ ᠤᠨ ᠵᠦᠢᠯᠡᠰ ᠤᠨ ᠦᠨ᠎ᠡ ᠬᠠᠩᠰᠢ ᠶᠢᠨ ᠵᠥᠷᠢᠶ᠎ᠡ ᠶᠢ ᠴᠢᠩᠭ᠎ᠠ ᠡᠵᠡᠮᠳᠡᠨ᠂ ᠵᠦᠢ ᠵᠣᠬᠢᠰ ᠦᠭᠡᠢ ᠦᠨ᠎ᠡ | ᠬᠠᠩᠰᠢ ᠶᠢ ᠪᠦᠭᠦ ᠲᠠᠯ᠎ᠠ ᠪᠠᠷ ᠵᠠᠯᠠᠷᠠᠭᠤᠯᠵᠤ᠂ ᠨᠠᠩ ᠵᠢᠷᠤᠮᠵᠢᠭᠤᠨ᠂ ᠢᠯᠡ ᠲᠣᠳᠣ᠂ ᠲᠥᠪ ᠭᠤᠤᠯᠴᠢ ᠡᠮ ᠤᠨ ᠵᠦᠢᠯᠡᠰ ᠤᠨ ᠦᠨ᠎ᠡ ᠬᠠᠩᠰᠢ ᠶᠢᠨ ᠣᠷᠴᠢᠨ | ᠨᠥᠬᠦᠴᠡᠯ ᠢ ᠪᠤᠶ ᠪᠤᠯᠭᠠᠵᠤ᠂ ᠥᠷᠭᠡᠨ ᠣᠯᠠᠨ ᠲᠦᠮᠡᠨ ᠤ ᠦᠨ᠎ᠡ ᠬᠠᠩᠰᠢ ᠵᠣᠬᠢᠰᠲᠠᠢ ᠡᠮ ᠤᠨ ᠵᠦᠢᠯᠡᠰ ᠢ ᠬᠡᠷᠡᠭᠯᠡᠬᠦ ᠳᠤ ᠪᠠᠲᠤᠯᠠᠭ᠎ᠠ ᠬᠠᠩᠭᠠᠪᠠ᠃ | ᠡᠮ ᠤᠨ ᠵᠦᠢᠯᠡᠰ ᠤᠨ ᠦᠨ᠎ᠡ ᠬᠠᠩᠰᠢ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠠᠴᠠ ᠡᠮ ᠤᠨ ᠵᠦᠢᠯᠡᠰ ᠤᠨ ᠰᠦᠯᠵᠢᠶᠡᠨ ᠳᠤ ᠤᠷᠤᠭᠤᠯᠬᠤ ᠦᠨ᠎ᠡ ᠬᠠᠩᠰᠢ ᠳᠤ ᠴᠢᠩᠭ᠎ᠠ ᠬᠡᠮᠵᠢᠶᠡᠵᠢᠭᠦᠯᠦᠨ ᠬᠠᠮᠢᠶᠠᠷᠤᠨ ᠡᠵᠡᠮᠳᠡᠬᠦ ᠶᠢ | ᠬᠡᠷᠡᠭᠵᠢᠭᠦᠯᠪᠡ᠃ ᠰᠡᠷᠡᠮᠵᠢᠯᠡᠭᠦᠯᠭᠦ ᠲᠣᠭᠲᠠᠴᠠ ᠶᠢ ᠲᠣᠭᠲᠠᠭᠠᠭᠰᠠᠨ ᠨᠢ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯᠡᠰ ᠢ ᠬᠤᠳᠠᠯᠳᠤᠨ ᠠᠪᠬᠤ ᠳᠤ | ᠪᠦᠲᠦᠮᠵᠢᠲᠡᠢ ᠦᠨ᠎ᠡ ᠬᠠᠩᠰᠢ ᠶᠢᠨ ᠮᠡᠳᠡᠭᠡ ᠵᠠᠩᠭᠢ ᠬᠠᠩᠭᠠᠵᠤ᠂ ᠤᠯᠠᠨ ᠲᠦᠮᠡᠨ ᠳᠤ ᠲᠥᠪ ᠭᠤᠣᠯᠴᠢ᠂ ᠪᠣᠳᠠᠲᠤ ᠠᠰᠢᠭᠲᠠᠢ ᠡᠮ ᠤᠨ ᠵᠦᠢᠯᠡᠰ ᠤᠨ ᠦᠨ᠎ᠡ | ᠬᠠᠩᠰᠢ ᠬᠦᠷᠲᠡᠭᠡᠬᠦ ᠪᠣᠯᠣᠨ᠎ᠠ᠃ ︽ᠥᠪᠡᠷᠲᠡᠭᠡᠨ ᠵᠠᠰᠠᠬᠤ ᠣᠷᠣᠨ ᠡᠮ ᠤᠨ ᠵᠦᠢᠯᠡᠰ ᠤᠨ ᠰᠦᠯᠵᠢᠶᠡᠨ ᠳᠤ ᠤᠷᠤᠭᠤᠯᠬᠤ ᠳᠦᠷᠢᠮ ᠢ ᠪᠦᠭᠦ ᠲᠠᠯ᠎ᠠ ᠪᠠᠷ | ᠬᠡᠷᠡᠭᠵᠢᠭᠦᠯᠵᠦ᠂ ᠡᠮ ᠤᠨ ᠵᠦᠢᠯᠡᠰ ᠤᠨ ᠦᠨ᠎ᠡ ᠬᠠᠩᠰᠢ ᠶᠢᠨ ᠵᠠᠰᠠᠯᠲᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ | ᠲᠦᠪᠰᠢᠨ ᠪᠠ ᠦᠨ᠎ᠡ ᠬᠠᠩᠰᠢ ᠶᠢᠨ ᠬᠢᠨᠠᠨ ᠬᠡᠮᠵᠢᠯᠲᠡ ᠶᠢᠨ ᠣᠨᠣᠪᠴᠢ ᠶᠢᠨ ᠬᠡᠮᠵᠢᠶ᠎ᠡ ᠬᠢᠭᠡᠳ ᠪᠦᠭᠦ ᠲᠠᠯᠠᠲᠤ ᠴᠢᠨᠠᠷ ᠢ ᠳᠡᠭᠡᠭᠰᠢᠯᠡᠭᠦᠯᠦᠨ᠂ ᠡᠯ᠎ᠡ ᠲᠥᠷᠥᠯ ᠤᠨ | ᠡᠮ ᠤᠨ ᠵᠦᠢᠯᠡᠰ ᠤᠨ ᠦᠨ᠎ᠡ ᠬᠠᠩᠰᠢ ᠶᠢᠨ ᠬᠡᠪ ᠤᠨ ᠪᠤᠰᠤ ᠪᠠᠶᠢᠳᠠᠯ ᠢ ᠴᠠᠭ ᠲᠤᠬᠠᠢ ᠳᠤᠨᠢ ᠨᠠᠷᠢᠨ ᠣᠨᠣᠪᠴᠢᠲᠠᠶ ᠢᠯᠭᠠᠨ ᠲᠠᠨᠢᠬᠤ ᠶᠢ ᠦᠨᠡᠨ ᠬᠦ ᠪᠠᠲᠤᠯᠠᠵᠤ᠂ | ᠵᠦᠢ ᠵᠣᠬᠢᠰᠲᠠᠢ᠂ ᠲᠥᠪ ᠭᠤᠤᠯᠴᠢ ᠡᠮ ᠤᠨ ᠵᠦᠢᠯᠡᠰ ᠤᠨ ᠦᠨ᠎ᠡ ᠬᠠᠩᠰᠢ ᠶᠢᠨ ᠪᠦᠷᠢᠯᠳᠦᠯ ᠢ ᠯᠠᠪᠳᠠᠭᠤᠨ ᠢᠶᠠᠷ ᠠᠬᠢᠭᠤᠯᠵᠤ᠂ ᠣᠯᠠᠨ ᠲᠦᠮᠡᠨ ᠤ ᠠᠰᠢᠭ | ᠲᠤᠰᠠ ᠶᠢ ᠦᠨᠡᠨ ᠬᠦ ᠪᠠᠲᠤᠯᠠᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠢᠯᠡᠷᠬᠡᠶᠢᠯᠡᠪᠡ᠃ | |