ᠮᠠᠨ ᠤ ᠣᠷᠣᠨ ᠤ ᠠᠭᠤᠰᠤᠮᠠᠯ ᠤᠨ pH ᠬᠡᠮᠵᠢᠭᠳᠡᠯ ᠢ ᠰᠢᠯᠭᠠᠨ ᠪᠠᠶᠢᠴᠠᠭᠠᠬᠤ ᠮᠡᠷᠭᠡᠵᠢᠯ ᠴᠢᠳᠠᠪᠤᠷᠢ ᠳᠡᠯᠡᠬᠡᠢ ᠨᠡᠶᠢᠳᠡ ᠶᠢᠨ ᠪᠠᠷᠢᠮᠵᠢᠶ᠎ᠠ ᠳᠤ ᠬᠦᠷᠪᠡ
ᠨᠡᠶᠢᠲᠡᠯᠡᠭᠰᠡᠨ ᠴᠠᠭ᠄
2025/5/6
          ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠭᠠᠵᠢ ᠬᠡᠷᠡᠭᠰᠡᠯ ᠢ ᠰᠢᠯᠭᠠᠨ ᠪᠠᠶᠢᠴᠠᠭᠠᠵᠤ ᠬᠢᠨᠠᠨ ᠬᠡᠮᠵᠢᠬᠦ ᠰᠤᠳᠤᠯᠭᠠᠨ ᠤ  ᠬᠦᠷᠢᠶᠡᠯᠡᠩ ᠤᠨ ᠠᠭᠤᠰᠤᠮᠠᠯ ᠤᠨ pH ᠬᠡᠮᠵᠢᠭᠳᠡᠯ ᠢ ᠰᠢᠯᠭᠠᠨ ᠪᠠᠶᠢᠴᠠᠭᠠᠬᠤ ᠮᠡᠷᠭᠡᠵᠢᠯ ᠴᠢᠳᠠᠪᠤᠷᠢ ᠣᠶᠢᠷ᠎ᠠ ᠳᠤ ᠳᠤᠮᠳᠠᠳᠤ ᠤᠯᠤᠰ ᠤᠨ ᠢᠳᠡᠭᠡᠨ ᠤ ᠵᠦᠢᠯᠡᠰ ᠪᠠ ᠡᠮ ᠤᠨ ᠵᠦᠢᠯᠡᠰ ᠢ ᠰᠢᠯᠭᠠᠨ ᠲᠣᠭᠲᠠᠭᠠᠬᠤ ᠰᠤᠳᠤᠯᠭᠠᠨ ᠤ  ᠬᠦᠷᠢᠶᠡᠯᠡᠩ ᠤᠨ ᠵᠣᠬᠢᠶᠠᠨ ᠪᠠᠶᠢᠭᠤᠯᠤᠭᠰᠠᠨ ᠰᠢᠯᠭᠠᠨ ᠪᠠᠶᠢᠴᠠᠭᠠᠯᠲᠠ ᠶᠢ ᠥᠩᠭᠡᠷᠡᠭᠦᠯᠵᠦ᠂ ᠵᠠᠷᠢᠮ ᠵᠠᠩᠭᠢᠯᠠᠭ᠎ᠠ ᠶᠢᠨ ᠬᠡᠮᠵᠢᠭᠳᠡᠯ ᠨᠢ ᠳᠡᠯᠡᠬᠡᠢ ᠨᠡᠶᠢᠳᠡ ᠶᠢᠨ ᠪᠠᠷᠢᠮᠵᠢᠶ᠎ᠠ ᠳᠤ ᠬᠦᠷᠴᠡᠢ᠃          ᠠᠭᠤᠰᠤᠮᠠᠯ ᠤᠨ pH ᠬᠡᠮᠵᠢᠭᠳᠡᠯ ᠢ ᠰᠢᠯᠭᠠᠨ ᠲᠣᠭᠲᠠᠭᠠᠬᠤ ᠨᠢ ᠰᠢᠨᠵᠢᠯᠡᠬᠦ ᠤᠬᠠᠭᠠᠨ ᠤ ᠰᠦᠪᠡᠭᠴᠢᠯᠡᠯᠲᠡ ᠬᠢᠬᠦ ᠴᠢᠬᠤᠯᠠ ᠬᠡᠷᠡᠭᠰᠡᠯ ᠪᠤᠯᠬᠤ ᠪᠥᠭᠡᠳ ᠨᠡᠩ ᠴᠤ ᠡᠮᠴᠢᠯᠡᠭᠡᠨ ᠪᠠ ᠡᠳᠦᠷ ᠲᠤᠳᠤᠮ ᠤᠨ ᠠᠮᠢᠳᠤᠷᠠᠯ ᠳᠤ ᠲᠤᠲᠠᠭᠳᠠᠵᠤ ᠪᠣᠯᠣᠰᠢ ᠦᠭᠡᠢ ︽ᠬᠢᠮᠢ ᠶᠢᠨ ᠬᠡᠮᠵᠢᠭᠦᠷ︾ ᠮᠥᠨ᠃ ᠠᠭᠤᠰᠤᠮᠠᠯ ᠤᠨ pH ᠬᠡᠮᠵᠢᠭᠳᠡᠯ ᠤᠨ ᠣᠨᠣᠪᠴᠢᠲᠤ ᠬᠡᠮᠵᠢᠶ᠎ᠡ ᠨᠢ ᠡᠮᠴᠢᠯᠡᠭᠡᠨ ᠤ ᠠᠮᠤᠷ ᠲᠦᠪᠰᠢᠨ ᠳᠤ ᠰᠢᠭᠤᠳ ᠬᠤᠯᠪᠣᠭᠳᠠᠳᠠᠭ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠭᠠᠵᠢ ᠬᠡᠷᠡᠭᠰᠡᠯ ᠢ ᠰᠢᠯᠭᠠᠨ ᠪᠠᠶᠢᠴᠠᠭᠠᠵᠤ ᠬᠢᠨᠠᠨ ᠬᠡᠮᠵᠢᠬᠦ ᠰᠤᠳᠤᠯᠭᠠᠨ ᠤ  ᠬᠦᠷᠢᠶᠡᠯᠡᠩ ᠨᠢ ᠬᠡᠮᠵᠢᠯᠲᠡ ᠶᠢ ᠥᠭᠰᠥᠨ ᠮᠥᠷᠳᠡᠵᠦ ᠪᠤᠯᠬᠤ ᠣᠶᠤᠨᠴᠢᠯᠠᠭᠰᠠᠨ pH ᠬᠡᠮᠵᠢᠭᠳᠡᠯ ᠢ ᠰᠢᠯᠭᠠᠨ ᠪᠠᠶᠢᠴᠠᠭᠠᠬᠤ ᠰᠢᠰᠲ᠋ᠧᠮ ᠳᠤ ᠲᠦᠰᠢᠭᠯᠡᠨ ᠳᠤᠯᠠᠭᠠᠨ ᠤ ᠬᠡᠮᠵᠢᠶ᠎ᠡ ᠶᠢᠨ ᠬᠤᠪᠢᠷᠠᠯᠲᠠ ᠶᠢ ᠦᠨᠳᠦᠰᠦᠯᠡᠨ ᠪᠤᠳᠤᠬᠤ ᠠᠷᠭ᠎ᠠ ᠪᠠᠨ ᠵᠣᠬᠢᠴᠠᠭᠤᠯᠤᠨ ᠰᠢᠯᠢᠳᠡᠭᠵᠢᠭᠦᠯᠬᠦ ᠪᠠ ᠭᠤᠷᠪᠠᠨ ᠱᠠᠲᠤᠨ ᠤ ᠣᠨᠣᠪᠴᠢ ᠶᠢ ᠰᠢᠯᠭᠠᠨ ᠡᠵᠡᠮᠳᠡᠬᠦ ᠮᠡᠷᠭᠡᠵᠢᠯ ᠤᠨ ᠠᠷᠭ᠎ᠠ ᠶᠢ ᠬᠡᠷᠡᠭᠯᠡᠵᠦ᠂ ᠰᠢᠯᠭᠠᠨ ᠪᠠᠶᠢᠴᠠᠭᠠᠵᠤ ᠣᠯᠣᠭᠰᠠᠨ ᠬᠡᠮᠵᠢᠭᠳᠡᠯ ᠬᠢᠭᠡᠳ ᠲᠤᠬᠠᠢ ᠶᠢᠨ ᠠᠭᠤᠰᠤᠮᠠᠯ ᠤᠨ ᠪᠠᠷᠢᠮᠵᠢᠶ᠎ᠠ ᠬᠡᠮᠵᠢᠭᠳᠡᠯ ᠤᠨ ᠬᠤᠭᠤᠷᠤᠨᠳᠤᠭᠢ ᠵᠥᠷᠢᠶ᠎ᠡ ᠶᠢ 0.03pH ᠨᠢᠭᠡᠴᠢ ᠠᠴᠠ ᠪᠠᠭ᠎ᠠ ᠪᠣᠯᠭᠠᠨ᠂ ᠵᠠᠷᠢᠮ ᠵᠠᠩᠭᠢᠯᠠᠭ᠎ᠠ ᠶᠢᠨ ᠬᠡᠮᠵᠢᠭᠳᠡᠯ ᠨᠢ ISO/IEC17025 ᠳᠡᠯᠡᠬᠡᠢ ᠨᠡᠶᠢᠳᠡ ᠶᠢᠨ ᠪᠠᠷᠢᠮᠵᠢᠶ᠎ᠠ ᠳᠤ ᠬᠦᠷᠴᠡᠢ᠃          ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠭᠠᠵᠢ ᠬᠡᠷᠡᠭᠰᠡᠯ ᠢ ᠰᠢᠯᠭᠠᠨ ᠪᠠᠶᠢᠴᠠᠭᠠᠵᠤ ᠬᠢᠨᠠᠨ ᠬᠡᠮᠵᠢᠬᠦ  ᠰᠤᠳᠤᠯᠭᠠᠨ ᠤ  ᠬᠦᠷᠢᠶᠡᠯᠡᠩ ᠤᠨ ᠬᠠᠮᠢᠶ᠎ᠠ ᠪᠦᠬᠦᠢ ᠰᠢᠯᠭᠠᠨ ᠪᠠᠶᠢᠴᠠᠭᠠᠬᠤ ᠮᠡᠷᠭᠡᠵᠢᠯ ᠴᠢᠳᠠᠪᠤᠷᠢ ᠨᠢ ᠨᠢᠭᠡᠨᠲᠡ ᠬᠠᠷᠢᠶ᠎ᠠ ᠣᠷᠣᠨ ᠤ 96% ᠶᠢᠨ ᠬᠤᠶᠠᠳᠤᠭᠠᠷ ᠲᠦᠷᠦᠯ ᠤᠨ ᠡᠮᠴᠢᠯᠡᠭᠡᠨ ᠤ ᠪᠠᠭᠠᠵᠢ ᠬᠡᠷᠡᠭᠰᠡᠯ ᠤᠨ ᠰᠢᠯᠭᠠᠨ ᠪᠠᠶᠢᠴᠠᠭᠠᠬᠤ ᠬᠡᠷᠡᠭᠴᠡᠭᠡ ᠶᠢ ᠬᠠᠮᠤᠷᠴᠤ᠂ ᠵᠢᠯ ᠳᠤ 300 ᠭᠠᠷᠤᠢ ᠠᠵᠤ ᠠᠬᠤᠶᠢᠯᠠᠯ ᠳᠤ ᠦᠢᠯᠡᠴᠢᠯᠡᠵᠦ ᠪᠠᠶᠢᠨ᠎ᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ