【ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ】ᠰᠢᠭᠦᠬᠦ ᠬᠤᠷᠢᠶ᠎ᠠ  ᠶᠢᠨ ᠦᠨ᠎ᠡ ᠬᠠᠶᠠᠵᠤ ᠬᠤᠳᠠᠯᠳᠤᠬᠤ ᠭᠡᠷ ᠬᠥᠷᠥᠩᠭᠡ ᠶᠢ ᠥᠷᠢᠰᠦᠯᠳᠦᠨ ᠣᠯᠣᠭᠰᠠᠨ ᠤ ᠳᠠᠷᠠᠭ᠎ᠠ᠂ ᠠᠳᠠᠯ ᠠᠬᠤᠢ ᠶᠢᠨ ᠺᠣᠮᠫᠠᠨᠢ ᠠᠴᠠ ᠲᠡᠭᠦᠨ ᠠᠴᠠ ᠡᠮᠦᠨᠡᠬᠢ ᠠᠳᠠᠯ ᠠᠬᠤᠢ ᠶᠢᠨ ᠰᠦᠢᠳᠬᠡᠯ ᠢ ᠨᠡᠬᠡᠮᠵᠢᠯᠡᠨ ᠠᠪᠬᠤ ᠭᠡᠪᠡᠯ᠂ ᠲᠤᠰᠢᠶᠠᠬᠤ ᠬᠡᠷᠡᠭᠲᠡᠢ ᠦᠦ︖
ᠨᠡᠶᠢᠲᠡᠯᠡᠭᠰᠡᠨ ᠴᠠᠭ᠄
2025/5/7
          ᠬᠡᠨ ᠠᠳᠠᠯ ᠠᠬᠤᠢ ᠶᠢᠨ ᠰᠦᠢᠳᠬᠡᠯ ᠤᠨ ᠲᠣᠭᠠᠴᠠᠭ᠎ᠠ ᠬᠢᠪᠡᠯ ᠵᠣᠬᠢᠬᠤ ᠪᠤᠶ︖          2023 ᠣᠨ ᠳᠤ᠂ ᠯᠢ ᠣᠪᠣᠭᠲᠤ ᠬᠠᠤᠯᠢ ᠴᠠᠭᠠᠵᠠ ᠶᠢᠨ ᠦᠨ᠎ᠡ ᠬᠠᠶᠠᠨ ᠬᠤᠳᠠᠯᠳᠤᠬᠤ ᠪᠠᠷ ᠲᠠᠮᠵᠢᠨ ᠹᠦᠵᠢᠶᠠᠨ ᠮᠤᠵᠢ ᠶᠢᠨ ᠰᠢᠶᠠᠮᠧᠨ ᠬᠤᠳᠠ ᠶᠢᠨ ᠬᠠᠶᠢᠼᠠᠩ ᠲᠣᠭᠤᠷᠢᠭ ᠤᠨ ᠨᠢᠭᠡᠨ ᠭᠡᠷ ᠬᠥᠷᠥᠩᠭᠡ ᠶᠢ ᠥᠷᠢᠰᠦᠯᠳᠦᠨ ᠣᠯᠵᠤ᠂ ᠤᠤᠯ ᠤᠨ ᠭᠡᠷ ᠤᠨ ᠡᠵᠡᠨ ᠨᠢ ᠸᠠᠩ ᠣᠪᠣᠭᠲᠤ ᠪᠠᠶᠢᠪᠠ᠃ ᠰᠢᠨ᠎ᠡ ᠥᠮᠴᠢᠲᠡᠨ ᠪᠣᠯᠤᠭᠰᠠᠨ ᠤ ᠲᠠᠷᠠᠭ᠎ᠠ᠂ ᠠᠳᠠᠯ ᠠᠬᠤᠢ ᠶᠢᠨ ᠺᠣᠮᠫᠠᠨᠢ ᠨᠢ ᠯᠢ ᠣᠪᠣᠭᠲᠤ ᠠᠴᠠ ᠠᠳᠠᠯ ᠠᠬᠤᠢ ᠶᠢᠨ ᠬᠤᠯᠪᠣᠭᠳᠠᠯ ᠪᠦᠬᠦᠢ ᠥᠷᠢᠲᠦᠭᠰᠡᠨ ᠵᠠᠷᠤᠳᠠᠯ ᠢ ᠠᠪᠬᠤ ᠪᠠᠷ ᠨᠡᠬᠡᠪᠡ᠃ ᠯᠢ ᠣᠪᠣᠭᠲᠤ ᠠᠳᠠᠯ ᠠᠬᠤᠢ ᠶᠢᠨ ᠺᠣᠮᠫᠠᠨᠢ ᠳᠤ ᠥᠪᠡᠷ ᠤᠨ ᠥᠮᠴᠢᠲᠡᠨ ᠪᠣᠯᠤᠭᠰᠠᠨ ᠤ ᠳᠠᠷᠠᠭᠠᠬᠢ ᠬᠤᠯᠪᠣᠭᠳᠠᠯ ᠪᠦᠬᠦᠢ ᠥᠷᠢᠲᠦᠭᠰᠡᠨ ᠵᠠᠷᠤᠳᠠᠯ ᠢᠶᠠᠨ ᠲᠤᠰᠢᠶᠠᠭᠰᠠᠨ ᠤ ᠲᠠᠷᠠᠭ᠎ᠠ᠂ ᠬᠡᠷᠡᠭ ᠲᠤ ᠬᠤᠯᠪᠣᠭᠳᠠᠭᠰᠠᠨ ᠭᠡᠷ ᠪᠠᠶᠢᠰᠢᠩ ᠤᠨ ᠤᠤᠯ ᠤᠨ ᠭᠡᠷ ᠤᠨ ᠡᠵᠡᠨ ᠤ ᠥᠷᠢᠲᠦᠭᠰᠡᠨ ᠵᠠᠷᠤᠳᠠᠯ ᠢ ᠲᠥᠯᠥᠬᠦ ᠶᠢ ᠵᠥᠪᠰᠢᠶᠡᠷᠡᠭᠰᠡᠨ ᠦᠭᠡᠢ᠃ ᠱᠠᠭᠠᠷᠳᠠᠭᠠᠳ ᠦᠷ᠎ᠡ ᠳ᠋ᠦᠩ ᠭᠠᠷᠤᠭᠰᠠᠨ ᠦᠭᠡᠢ ᠪᠣᠯᠬᠤᠷ ᠠᠳᠠᠯ ᠠᠬᠤᠢ ᠶᠢᠨ ᠺᠣᠮᠫᠠᠨᠢ ᠠᠴᠠ ᠯᠢ ᠣᠪᠣᠭᠲᠤ ᠪᠣᠯᠣᠨ ᠤᠤᠯ ᠤᠨ ᠭᠡᠷ ᠤᠨ ᠡᠵᠡᠨ ᠸᠠᠩ ᠣᠪᠣᠭᠲᠤ  ᠶᠢ ᠬᠠᠮᠲᠤ ᠳᠤᠨᠢ ᠹᠦᠵᠢᠶᠠᠨ ᠮᠤᠵᠢ ᠶᠢᠨ ᠰᠢᠶᠠᠮᠧᠨ ᠬᠤᠳᠠ ᠶᠢᠨ ᠬᠠᠶᠢᠼᠠᠩ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠪᠠ᠃          ᠲᠢᠩᠬᠢᠮ ᠤᠨ ᠰᠢᠭᠦᠯᠲᠡ ᠳᠤ᠂ ᠠᠳᠠᠯ ᠠᠬᠤᠢ ᠶᠢᠨ ᠺᠣᠮᠫᠠᠨᠢ︽ᠦᠨ᠎ᠡ ᠬᠠᠶᠠᠵᠤ ᠬᠤᠳᠠᠯᠳᠤᠬᠤ ᠠᠯᠪᠠᠨ ᠵᠠᠷ︾ ᠢ ᠲᠤᠰᠢᠶᠠᠵᠤ᠂ ᠡᠭᠦᠨ ᠤ ᠳᠣᠯᠣᠳᠤᠭᠠᠷ ᠵᠦᠢᠯ ᠳᠤ ᠲᠣᠳᠣᠷᠬᠠᠶᠢᠯᠠᠭᠰᠠᠨ ᠨᠢ᠄ ᠬᠠᠷᠠᠯᠲᠠ ᠪᠣᠳᠠᠰ ᠢ ᠡᠷᠤᠭᠡ ᠰᠢᠯᠵᠢᠭᠦᠯᠬᠦ ᠳᠠᠩᠰᠠᠯᠠᠯᠲᠠ ᠶᠢᠨ ᠭᠠᠷ ᠭᠦᠢᠴᠡᠳᠬᠡᠯ ᠢ ᠬᠤᠳᠠᠯᠳᠤᠨ ᠠᠪᠤᠭᠴᠢ ᠥᠪᠡᠰᠦᠪᠡᠨ ᠭᠦᠢᠴᠡᠳᠬᠡᠨ᠎ᠡ᠂ ᠠᠳᠠᠯ ᠠᠬᠤᠢ ᠶᠢᠨ ᠵᠠᠷᠤᠳᠠᠯ᠂ ᠤᠰᠤ᠂ ᠴᠠᠬᠢᠯᠭᠠᠨ ᠵᠡᠷᠭᠡ ᠶᠢᠨ ᠥᠷᠢᠲᠦᠭᠰᠡᠨ ᠵᠠᠷᠤᠳᠠᠯ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠦᠭᠡᠢ ᠪᠤᠶᠤ ᠲᠣᠭᠲᠠᠭᠠᠭᠰᠠᠨ ᠨᠢ ᠲᠣᠳᠣᠷᠬᠠᠢ ᠦᠭᠡᠢ ᠭᠠᠶᠢᠯᠢ ᠰᠦᠢᠳᠬᠡᠯ ᠢ ᠴᠥᠮ ᠬᠤᠳᠠᠯᠳᠤᠨ ᠠᠪᠤᠭᠴᠢ ᠡᠭᠦᠷᠭᠡᠯᠡᠨ᠎ᠡ᠂ ᠪᠣᠳᠠᠲᠠᠢ ᠵᠠᠷᠤᠳᠠᠯ ᠢ ᠦᠨ᠎ᠡ ᠬᠠᠶᠠᠯᠴᠠᠬᠤ ᠬᠥᠮᠥᠨ ᠦᠨ᠎ᠡ ᠬᠠᠶᠠᠵᠤ ᠬᠤᠳᠠᠯᠳᠤᠬᠤ ᠠᠴᠠ ᠡᠮᠦᠨ᠎ᠡ ᠥᠪᠡᠰᠦᠪᠡᠨ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠢ ᠳᠤ ᠬᠦᠷᠴᠦ ᠪᠠᠶᠢᠴᠠᠭᠠᠨ ᠯᠠᠪᠯᠠᠵᠤ ᠣᠶᠢᠯᠠᠭᠠᠬᠤ ᠬᠡᠷᠡᠭᠲᠡᠢ᠂ ᠦᠨ᠎ᠡ ᠬᠠᠶᠠᠵᠤ ᠬᠤᠳᠠᠯᠳᠤᠬᠤ ᠬᠥᠮᠥᠨ ᠲᠠᠢ ᠬᠤᠯᠪᠣᠭᠳᠠᠬᠤ ᠦᠭᠡᠢ᠃          ᠣᠳᠣ ᠶᠢᠨ ᠭᠡᠷ ᠤᠨ ᠡᠵᠡᠨ ᠯᠢ ᠣᠪᠣᠭᠲᠤ ᠶᠢᠨ ᠦᠵᠡᠬᠦ ᠪᠠᠷ᠂ ᠰᠢᠭᠦᠬᠦ ᠬᠤᠷᠢᠶᠠᠨ ᠤ ︽ᠦᠨ᠎ᠡ ᠬᠠᠶᠠᠵᠤ ᠬᠤᠳᠠᠯᠳᠤᠬᠤ ᠠᠯᠪᠠᠨ ᠵᠠᠷ︾ ᠲᠤ ᠦᠨ᠎ᠡ ᠬᠠᠶᠠᠵᠤ ᠬᠤᠳᠠᠯᠳᠤᠬᠤ ᠬᠥᠮᠥᠨ ᠲᠠᠢ ᠬᠠᠮᠢᠶ᠎ᠠ ᠦᠭᠡᠢ ᠭᠡᠰᠡᠨ ᠠᠴᠠ ᠪᠢᠰᠢ᠂ ᠬᠠᠷᠢᠨ ᠤᠤᠯ ᠤᠨ ᠭᠡᠷ ᠤᠨ ᠡᠵᠡᠨ ᠸᠠᠩ ᠣᠪᠣᠭᠲᠤ ᠲᠠᠢ ᠬᠠᠮᠢᠶ᠎ᠠ ᠦᠭᠡᠢ ᠭᠡᠰᠡᠨ ᠪᠢᠰᠢ ᠬᠡᠮᠡᠨ ᠮᠠᠰᠢ ᠲᠣᠳᠣᠷᠬᠠᠢ ᠪᠢᠴᠢᠵᠡᠢ᠃ ᠡᠭᠦᠨ ᠤ ᠵᠡᠷᠭᠡᠴᠡᠭᠡᠪᠡᠷ᠂ ᠲᠡᠷᠡ ᠨᠢ ᠠᠳᠠᠯ ᠠᠬᠤᠢ ᠶᠢᠨ ᠺᠣᠮᠫᠠᠨᠢ ᠲᠠᠢ ᠡᠷᠬᠡ ᠡᠭᠦᠷᠭᠡ ᠶᠢᠨ ᠬᠠᠷᠢᠴᠠᠭ᠎ᠠ ᠣᠷᠣᠰᠢᠬᠤ ᠦᠭᠡᠢ᠂ ᠸᠠᠩ ᠣᠪᠣᠭᠲᠤ ᠲᠠᠢ ᠴᠤ ᠭᠡᠷ᠎ᠡ ᠶᠢᠨ ᠪᠣᠯᠵᠤᠭ᠎ᠠ ᠪᠠᠶᠢᠬᠤ ᠦᠭᠡᠢ᠃ ᠲᠡᠷᠡ ᠮᠥᠷᠲᠡᠭᠡᠨ ᠤᠤᠯ ᠤᠨ ᠭᠡᠷ ᠤᠨ ᠡᠵᠡᠨ ᠸᠠᠩ ᠣᠪᠣᠭᠲᠤ ᠥᠮᠴᠢᠯᠡᠯ ᠤᠨ ᠡᠷᠬᠡ ᠶᠢ ᠣᠯᠣᠭᠰᠠᠨ ᠤ ᠲᠠᠷᠠᠭ᠎ᠠ᠂ ᠲᠤᠰ ᠭᠡᠷ ᠪᠠᠶᠢᠰᠢᠩ ᠨᠢ ᠶᠡᠷᠦ ᠨᠢ ᠬᠤᠭᠤᠰᠤᠨ ᠪᠠᠶᠢᠬᠤ ᠪᠠᠶᠢᠳᠠᠯ ᠳᠤ ᠪᠠᠶᠢᠵᠤ᠂ ᠬᠤᠭᠤᠰᠤᠨ ᠪᠠᠶᠢᠬᠤ ᠭᠡᠷ ᠨᠢ ᠠᠳᠠᠯ ᠠᠬᠤᠢ ᠶᠢᠨ ᠰᠦᠢᠳᠬᠡᠯ ᠲᠤᠰᠢᠶᠠᠬᠤ ᠬᠡᠷᠡᠭ ᠦᠭᠡᠢ᠃ ᠢᠩᠭᠢᠭᠡᠳ ᠯᠢ ᠣᠪᠣᠭᠲᠤ ᠰᠢᠭᠦᠬᠦ ᠬᠤᠷᠢᠶᠠᠨ ᠳᠤ ᠠᠳᠠᠯ ᠠᠬᠤᠢ ᠶᠢᠨ ᠺᠣᠮᠫᠠᠨᠢ ᠶᠢᠨ ᠵᠠᠷᠭᠤ ᠶᠢᠨ ᠭᠤᠶᠤᠴᠢᠯᠠᠯ ᠢ ᠨᠢᠴᠤᠭᠠᠬᠤ ᠪᠠᠷ ᠭᠤᠶᠤᠴᠢᠯᠠᠵᠠᠢ᠃          ᠤᠤᠯ ᠤᠨ ᠭᠡᠷ ᠤᠨ ᠡᠵᠡᠨ ᠸᠠᠩ ᠣᠪᠣᠭᠲᠤ ᠶᠢᠨ ᠦᠵᠡᠬᠦ ᠪᠠᠷ᠂ ᠥᠪᠡᠷ ᠢᠶᠠᠨ ᠠᠳᠠᠯ ᠠᠬᠤᠢ ᠶᠢᠨ ᠺᠣᠮᠫᠠᠨᠢ ᠶᠢᠨ ᠰᠢᠪᠠᠳᠠᠨ ᠬᠤᠷᠢᠶᠠᠬᠤ ᠤᠲᠠᠰᠤ ᠪᠤᠶᠤ ᠮᠡᠳᠡᠭᠡ ᠵᠠᠩᠭᠢ ᠶᠢ ᠣᠯᠣᠭᠰᠠᠨ ᠦᠭᠡᠢ᠂ ᠴᠢᠨᠠᠭᠰᠢᠯᠠᠪᠠᠯ ᠠᠳᠠᠯ ᠠᠬᠤᠢ ᠶᠢᠨ ᠺᠣᠮᠫᠠᠨᠢ ᠲᠠᠢ ᠭᠡᠷ᠎ᠡ ᠲᠣᠭᠲᠠᠭᠰᠠᠨ ᠦᠭᠡᠢ ᠤᠴᠢᠷ ᠠᠴᠠ ᠲᠡᠷᠡ ᠪᠣᠯᠣᠨ ᠠᠳᠠᠯ ᠠᠬᠤᠢ ᠶᠢᠨ ᠺᠣᠮᠫᠠᠨᠢ ᠶᠢᠨ ᠬᠤᠭᠤᠷᠣᠨᠳᠤ ᠠᠳᠠᠯ ᠠᠬᠤᠢ ᠶᠢᠨ ᠦᠢᠯᠡᠴᠢᠯᠡᠭᠡᠨ ᠤ ᠬᠠᠷᠢᠴᠠᠭ᠎ᠠ ᠣᠷᠣᠰᠢᠬᠤ ᠦᠭᠡᠢ᠃ ᠲᠡᠷᠡ ᠮᠥᠷᠲᠡᠭᠡᠨ ᠯᠢ ᠣᠪᠣᠭᠲᠤ ᠰᠠᠶᠢᠨ ᠳᠤᠷ᠎ᠠ ᠠᠴᠠ ᠪᠠᠨ ᠬᠠᠤᠯᠢ ᠴᠠᠭᠠᠵᠠ ᠶᠢᠨ ᠦᠨ᠎ᠡ ᠬᠠᠶᠠᠵᠤ ᠬᠤᠳᠠᠯᠳᠤᠬᠤ ᠳᠤ ᠣᠷᠤᠯᠴᠠᠭᠰᠠᠨ ᠤᠴᠢᠷ᠂ ︽ᠦᠨ᠎ᠡ ᠬᠠᠶᠠᠵᠤ ᠬᠤᠳᠠᠯᠳᠤᠬᠤ ᠠᠯᠪᠠᠨ ᠵᠠᠷ︾ ᠢ ᠵᠥᠪᠰᠢᠶᠡᠷᠡᠭᠰᠡᠨ ᠢᠶᠠᠷ ᠦᠵᠡᠵᠦ᠂ ᠬᠡᠷᠡᠭ ᠲᠤ ᠬᠤᠯᠪᠣᠭᠳᠠᠭᠰᠠᠨ ᠭᠡᠷ ᠪᠠᠶᠢᠰᠢᠩ ᠤᠨ ᠬᠤᠯᠪᠣᠭᠳᠠᠯ ᠪᠦᠬᠦᠢ ᠥᠷᠢᠲᠦᠭᠰᠡᠨ ᠵᠠᠷᠤᠳᠠᠯ ᠤᠨ ᠪᠠᠶᠢᠳᠠᠯ ᠢ ᠪᠠᠶᠢᠴᠠᠭᠠᠨ ᠯᠠᠪᠯᠠᠬᠤ ᠳᠤ ᠪᠣᠯᠭᠤᠮᠵᠢᠲᠠᠢ ᠪᠠᠶᠢᠬᠤ ᠡᠭᠦᠷᠭᠡ ᠲᠠᠢ᠃ ︽ᠦᠨ᠎ᠡ ᠬᠠᠶᠠᠵᠤ ᠬᠤᠳᠠᠯᠳᠤᠬᠤ ᠠᠯᠪᠠᠨ ᠵᠠᠷ︾ ᠲᠤ ᠠᠳᠠᠯ ᠠᠬᠤᠢ ᠶᠢᠨ ᠰᠦᠢᠳᠬᠡᠯ᠂ ᠤᠰᠤᠨ ᠤ ᠰᠦᠢᠳᠬᠡᠯ᠂ ᠴᠠᠬᠢᠯᠭᠠᠨ ᠤ ᠰᠦᠢᠳᠬᠡᠯ ᠵᠢᠴᠢ ᠬᠠᠤᠯᠢ ᠴᠠᠭᠠᠵᠠ ᠶᠢᠨ ᠲᠣᠭᠲᠠᠭᠠᠯ ᠳᠤ ᠲᠣᠳᠣᠷᠬᠠᠢ ᠪᠤᠶᠤ ᠲᠣᠳᠣᠷᠬᠠᠢ ᠦᠭᠡᠢ ᠭᠠᠶᠢᠯᠢ ᠰᠦᠢᠳᠬᠡᠯ ᠢ ᠴᠥᠮ ᠬᠤᠳᠠᠯᠳᠤᠨ ᠠᠪᠤᠭᠴᠢ ᠡᠭᠦᠷᠭᠡᠯᠡᠨ᠎ᠡ᠂ ᠡᠶᠢᠮᠦ ᠠᠴᠠ ᠲᠡᠷᠡ ᠬᠤᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠬᠦ ᠴᠢᠬᠤᠯᠠ ᠦᠭᠡᠢ ᠭᠡᠵᠦ ᠲᠣᠳᠣᠷᠬᠠᠶᠢᠯᠠᠵᠠᠢ᠃          ᠰᠢᠭᠦᠬᠦ ᠬᠤᠷᠢᠶ᠎ᠠ᠄ ᠣᠳᠣ ᠶᠢᠨ ᠭᠡᠷ ᠤᠨ ᠡᠵᠡᠨ ᠠᠳᠠᠯ ᠠᠬᠤᠢ ᠶᠢᠨ ᠵᠠᠷᠤᠳᠠᠯ ᠢ ᠲᠥᠯᠥᠨ᠎ᠡ᠃ ᠤᠤᠯ ᠭᠡᠷ ᠤᠨ ᠡᠵᠡᠨ ᠬᠤᠯᠪᠣᠯᠳᠤᠭᠰᠠᠨ ᠲᠥᠯᠥᠪᠦᠷᠢ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ          ᠰᠢᠭᠦᠬᠦ ᠬᠤᠷᠢᠶ᠎ᠠ ᠰᠢᠭᠦᠨ ᠰᠢᠢᠳᠪᠦᠷᠢᠯᠡᠭᠰᠡᠨ ᠤ ᠳᠠᠷᠠᠭ᠎ᠠ᠂ ᠠᠳᠠᠯ ᠠᠬᠤᠢ ᠶᠢᠨ ᠺᠣᠮᠫᠠᠨᠢ ᠬᠢᠭᠡᠳ ᠨᠡᠭᠡᠭᠡᠨ ᠠᠰᠢᠭᠯᠠᠬᠤ ᠬᠤᠳᠠᠯᠳᠤᠭᠠᠴᠢᠨ ᠤ ᠲᠣᠭᠲᠠᠭᠠᠭᠰᠠᠨ ︽ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ︾ ᠨᠢ ᠬᠠᠤᠯᠢ ᠶᠣᠰᠣᠨ ᠤ ᠪᠥᠭᠡᠳ ᠬᠦᠴᠦᠨ ᠲᠠᠢ᠂ ᠬᠤᠭᠤᠴᠠᠭ᠎ᠠ ᠨᠢ ᠲᠤᠯᠤᠭᠠᠳᠤᠢ ᠤᠴᠢᠷ᠂ ᠠᠳᠠᠯ ᠠᠬᠤᠢ ᠶᠢᠨ ᠺᠣᠮᠫᠠᠨᠢ ᠨᠢ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡ ᠬᠠᠩᠭᠠᠭᠰᠠᠨ ᠪᠠᠶᠢᠪᠠᠯ᠂ ᠠᠳᠠᠯ ᠠᠬᠤᠢ ᠶᠢᠨ ᠵᠣᠬᠢᠴᠠᠩᠭᠤᠢ ᠵᠠᠷᠤᠳᠠᠯ ᠢ ᠣᠯᠬᠤ ᠡᠷᠬᠡ ᠲᠠᠢ᠃          ᠬᠡᠷᠡᠭ ᠲᠤ ᠬᠤᠯᠪᠣᠭᠳᠠᠭᠰᠠᠨ ᠭᠡᠷ ᠪᠠᠶᠢᠰᠢᠩ ᠤᠨ ᠥᠷᠢᠲᠦᠭᠰᠡᠨ ᠵᠠᠷᠤᠳᠠᠯ ᠨᠢ ᠸᠠᠩ ᠣᠪᠣᠭᠲᠤ ᠶᠢᠨ ᠭᠡᠷ ᠪᠠᠶᠢᠰᠢᠩ ᠤᠨ ᠥᠮᠴᠢᠯᠡᠯ ᠤᠨ ᠡᠷᠬᠡᠲᠦ ᠬᠥᠮᠥᠨ ᠪᠣᠯᠤᠭᠰᠠᠨ ᠬᠤᠭᠤᠴᠠᠭᠠᠨ ᠳᠤ ᠡᠭᠦᠰᠦᠭᠰᠡᠨ ᠶᠤᠮ᠂ ᠸᠠᠩ ᠣᠪᠣᠭᠲᠤ ᠬᠡᠷᠡᠭ ᠲᠤ ᠬᠤᠯᠪᠣᠭᠳᠠᠭᠰᠠᠨ ᠭᠡᠷ ᠪᠠᠶᠢᠰᠢᠩ ᠳᠤ ᠡᠵᠡᠯᠡᠬᠦ᠂ ᠬᠡᠷᠡᠭᠯᠡᠬᠦ᠂ ᠠᠰᠢᠭ ᠭᠦᠷᠳᠡᠭᠦ ᠪᠠ ᠰᠢᠢᠳᠪᠦᠷᠢᠯᠡᠬᠦ ᠡᠷᠬᠡ ᠶᠢ ᠡᠳ᠋ᠯᠡᠨ᠎ᠡ᠂ ᠬᠡᠷᠡᠭ ᠲᠤ ᠬᠤᠯᠪᠣᠭᠳᠠᠭᠰᠠᠨ ᠭᠡᠷ ᠪᠠᠶᠢᠰᠢᠩ ᠢ ᠬᠤᠭᠤᠰᠤᠨ ᠲᠠᠯᠪᠢᠭᠰᠠᠨ ᠡᠰᠡᠬᠦ ᠨᠢ ᠸᠠᠩ ᠣᠪᠣᠭᠲᠤ ᠶᠢᠨ ᠬᠤᠯᠪᠣᠭᠳᠠᠯ ᠪᠦᠬᠦᠢ ᠠᠳᠠᠯ ᠠᠬᠤᠢ ᠶᠢᠨ ᠵᠠᠷᠤᠳᠠᠯ ᠢ ᠲᠥᠯᠥᠬᠦ ᠶᠢ ᠨᠥᠯᠥᠭᠡᠯᠡᠬᠦ ᠦᠭᠡᠢ᠃ ᠯᠢ ᠣᠪᠣᠭᠲᠤ ᠬᠡᠷᠡᠭ ᠲᠤ ᠬᠤᠯᠪᠣᠭᠳᠠᠭᠰᠠᠨ ᠭᠡᠷ ᠪᠠᠶᠢᠰᠢᠩ ᠢ ᠬᠤᠭᠤᠰᠤᠨ ᠲᠠᠯᠪᠢᠭᠰᠠᠨ ᠢᠶᠠᠷ ᠰᠢᠯᠲᠠᠭᠠᠨ ᠪᠣᠯᠭᠠᠵᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠵᠠᠷᠤᠳᠠᠯ ᠢ ᠬᠠᠰᠤᠵᠤ ᠬᠡᠯᠲᠦᠷᠢᠭᠦᠯᠬᠦ ᠪᠠᠷ ᠵᠣᠷᠢᠭᠰᠠᠨ ᠨᠢ ᠬᠠᠤᠯᠢ ᠴᠠᠭᠠᠵᠠ ᠶᠢᠨ ᠦᠨᠳᠦᠰᠦ ᠪᠠᠷᠢᠮᠲᠠ ᠪᠠᠷ ᠳᠤᠲᠠᠮᠠᠭ ᠪᠠᠶᠢᠨ᠎ᠠ᠃ ᠡᠭᠦᠨ ᠤ ᠵᠡᠷᠭᠡᠴᠡᠭᠡ᠂ ᠬᠡᠷᠡᠭ ᠲᠤ ᠬᠤᠯᠪᠣᠭᠳᠠᠭᠰᠠᠨ ᠭᠡᠷ ᠪᠠᠶᠢᠰᠢᠩ ᠤᠨ ︽ᠦᠨ᠎ᠡ ᠬᠠᠶᠠᠵᠤ ᠬᠤᠳᠠᠯᠳᠤᠬᠤ ᠠᠯᠪᠠᠨ ᠵᠠᠷ︾ ᠲᠤ ᠦᠨ᠎ᠡ ᠬᠠᠶᠠᠵᠤ ᠬᠤᠳᠠᠯᠳᠤᠬᠤ ᠬᠠᠷᠠᠯᠲᠠ ᠡᠳ᠋ ᠲᠤ ᠬᠤᠯᠪᠣᠭᠳᠠᠭᠰᠠᠨ ᠠᠳᠠᠯ ᠠᠬᠤᠢ ᠶᠢᠨ ᠵᠠᠷᠤᠳᠠᠯ ᠵᠡᠷᠭᠡ ᠥᠷᠢᠲᠦᠭᠰᠡᠨ ᠵᠠᠷᠤᠳᠠᠯ ᠢ ᠴᠥᠮ ᠬᠤᠳᠠᠯᠳᠤᠨ ᠠᠪᠤᠭᠴᠢ ᠥᠪᠡᠰᠦᠪᠡᠨ ᠪᠠᠶᠢᠴᠠᠭᠠᠨ ᠯᠠᠪᠯᠠᠵᠤ ᠣᠶᠢᠯᠠᠭᠠᠬᠤ ᠶᠢᠨ ᠬᠠᠮᠲᠤ ᠡᠭᠦᠷᠭᠡᠯᠡᠨ᠎ᠡ ᠭᠡᠵᠦ ᠲᠣᠳᠣᠷᠬᠠᠶᠢᠯᠠᠭᠰᠠᠨ ᠪᠠᠶᠢᠨ᠎ᠠ᠃ ᠯᠢ ᠣᠪᠣᠭᠲᠤ ᠰᠠᠶᠢᠨ ᠳᠤᠷ᠎ᠠ ᠠᠴᠠ ᠪᠠᠨ ᠦᠨ᠎ᠡ ᠬᠠᠶᠠᠵᠤ ᠬᠤᠳᠠᠯᠳᠤᠬᠤ ᠳᠤ ᠣᠷᠣᠯᠴᠠᠭᠰᠠᠨ ᠢᠳᠡᠪᠬᠢᠲᠡᠢ ᠠᠵᠢᠯᠯᠠᠭ᠎ᠠ ᠨᠢ ︽ᠦᠨ᠎ᠡ ᠬᠠᠶᠠᠵᠤ ᠬᠤᠳᠠᠯᠳᠤᠬᠤ ᠠᠯᠪᠠᠨ ᠵᠠᠷ︾ ᠤᠨ ᠬᠤᠯᠪᠣᠭᠳᠠᠯ ᠪᠦᠬᠦᠢ ᠵᠦᠢᠯ ᠵᠤᠷᠪᠤᠰ ᠢ ᠬᠦᠯᠢᠶᠡᠨ ᠠᠪᠤᠭᠰᠠᠨ ᠪᠠ ᠵᠥᠪᠰᠢᠶᠡᠷᠡᠭᠰᠡᠨ ᠢ ᠢᠯᠡᠳᠬᠡᠵᠦ᠂ ᠬᠡᠷᠡᠭ ᠲᠤ ᠬᠤᠯᠪᠣᠭᠳᠠᠭᠰᠠᠨ ᠭᠡᠷ ᠪᠠᠶᠢᠰᠢᠩ ᠤᠨ ᠦ ᠰᠡᠪ ᠪᠠ ᠡᠷᠬᠡ ᠶᠢᠨ ᠳᠠᠷᠤᠭᠠᠰᠤ ᠶᠢ ᠮᠡᠳᠡᠷᠡᠨ ᠵᠥᠪᠰᠢᠶᠡᠷᠡᠭᠰᠡᠨ ᠢᠶᠠᠨ ᠢᠯᠡᠳᠬᠡᠵᠦ᠂ ᠬᠡᠷᠡᠭ ᠲᠤ ᠬᠤᠯᠪᠣᠭᠳᠠᠭᠰᠠᠨ ᠭᠡᠷ ᠪᠠᠶᠢᠰᠢᠩ ᠳᠤ ᠥᠷᠢᠲᠦᠭᠰᠡᠨ ᠠᠳᠠᠯ ᠠᠬᠤᠢ ᠶᠢᠨ ᠵᠠᠷᠤᠳᠠᠯ ᠢ ᠲᠥᠯᠥᠬᠦ ᠬᠠᠷᠢᠭᠤᠴᠠᠯᠭ᠎ᠠ ᠶᠢ ᠡᠭᠦᠷᠭᠡᠯᠡᠬᠦ ᠶᠢ ᠵᠥᠪᠰᠢᠶᠡᠷᠡᠭᠰᠡᠨ ᠢ ᠢᠯᠡᠳᠬᠡᠵᠦ ᠪᠠᠶᠢᠨ᠎ᠠ᠃          ᠲᠡᠷᠡ ᠮᠥᠷᠲᠡᠭᠡᠨ ︽ᠦᠨ᠎ᠡ ᠬᠠᠶᠠᠵᠤ ᠬᠤᠳᠠᠯᠳᠤᠬᠤ ᠠᠯᠪᠠᠨ ᠵᠠᠷ︾ ᠢᠯᠡ ᠴᠢᠨᠠᠷ ᠲᠠᠢ ᠪᠠᠶᠢᠳᠠᠭ ᠪᠣᠯᠬᠤᠷ ᠪᠤᠰᠤᠳᠴᠢ ᠲᠠᠯ᠎ᠠ ᠪᠠᠷ ᠪᠢᠯᠬᠠᠨ ᠭᠠᠷᠬᠤ ᠦᠢᠯᠡᠳᠦᠯ ᠭᠠᠷᠭᠠᠵᠤ᠂ ᠬᠤᠯᠪᠣᠭᠳᠠᠯ ᠪᠦᠬᠦᠢ ᠠᠪᠴᠠᠭᠠᠲᠠᠨ ᠡᠭᠦᠨ ᠠᠴᠠ ᠪᠣᠯᠵᠤ ᠬᠤᠳᠠᠯᠳᠤᠨ ᠠᠪᠤᠭᠴᠢ ︽ᠦᠨ᠎ᠡ ᠬᠠᠶᠠᠵᠤ ᠬᠤᠳᠠᠯᠳᠤᠬᠤ ᠠᠯᠪᠠᠨ ᠵᠠᠷ︾ ᠲᠠᠬᠢ ᠬᠤᠯᠪᠣᠭᠳᠠᠯ ᠪᠦᠬᠦᠢ ᠵᠦᠢᠯ ᠪᠠᠳᠠᠭ ᠢ ᠬᠦᠯᠢᠶᠡᠨ ᠠᠪᠬᠤ ᠶᠢᠨ ᠬᠠᠮᠲᠤ ᠵᠥᠪᠰᠢᠶᠡᠷᠡᠬᠦ ᠪᠠᠷ ᠵᠦᠢᠴᠢᠯᠡᠨ ᠮᠠᠭᠠᠳᠯᠠᠬᠤ ᠶᠢᠨ ᠤᠯᠠᠮ ᠠᠴᠠ ᠡᠭᠦᠨ ᠳᠤ ᠢᠲᠡᠭᠡᠯ ᠲᠠᠢ ᠪᠣᠯᠳᠠᠭ᠃ ᠪᠣᠳᠠᠲᠠᠢ ᠠᠵᠢᠯᠯᠠᠭ᠎ᠠ ᠶᠢᠨ ᠳᠤᠮᠳᠠ᠂ ᠠᠳᠠᠯ ᠠᠬᠤᠢ ᠶᠢᠨ ᠺᠣᠮᠫᠠᠨᠢ ᠨᠢ ᠲᠤᠰ ᠢᠲᠡᠭᠡᠮᠵᠢᠯᠡᠯ ᠤᠨ ᠵᠢᠱᠢᠯᠲᠡ ᠳᠣᠣᠷᠠᠬᠢ ᠡᠷᠬᠡ ᠶᠢᠨ ᠵᠣᠷᠢᠯᠲᠠ ᠪᠠᠨ ᠲᠠᠶᠠᠭᠳᠠᠭᠰᠠᠨ ᠦᠭᠡᠢ ᠪᠤᠶᠤ ᠣᠷᠬᠢᠭᠰᠠᠨ ᠦᠭᠡᠢ᠂ ᠬᠠᠷᠢᠨ ᠰᠢᠭᠤᠳ ᠵᠠᠷᠭᠤ ᠶᠢᠨ ᠭᠤᠶᠤᠴᠢᠯᠠᠯ ᠭᠠᠷᠭᠠᠭᠰᠠᠨ ᠪᠠᠶᠢᠨ᠎ᠠ᠃ ᠡᠶᠢᠮᠦ ᠠᠴᠠ ᠯᠢ ᠣᠪᠣᠭᠲᠤ ︽ᠦᠨ᠎ᠡ ᠬᠠᠶᠠᠵᠤ ᠬᠤᠳᠠᠯᠳᠤᠬᠤ ᠠᠯᠪᠠᠨ ᠵᠠᠷ︾ ᠳᠤ ᠠᠳᠠᠯ ᠠᠬᠤᠢ ᠶᠢᠨ ᠵᠠᠷᠤᠳᠠᠯ᠂ ᠤᠰᠤ᠂ ᠴᠠᠬᠢᠯᠭᠠᠨ ᠵᠡᠷᠭᠡ ᠶᠢᠨ ᠥᠷᠢᠲᠦᠭᠰᠡᠨ ᠵᠠᠷᠤᠳᠠᠯ ᠢ ᠬᠤᠳᠠᠯᠳᠤᠨ ᠠᠪᠤᠭᠴᠢ ᠡᠭᠦᠷᠭᠡᠯᠡᠨ᠎ᠡ ᠭᠡᠵᠦ ᠲᠣᠳᠣᠷᠬᠠᠢ ᠲᠡᠮᠳᠡᠭᠯᠡᠭᠰᠡᠨ ᠪᠠᠶᠢᠳᠠᠯ ᠳᠣᠣᠷ᠎ᠠ᠂ ᠦᠨ᠎ᠡ ᠬᠠᠶᠠᠯᠴᠠᠬᠤ ᠳᠤ ᠣᠷᠣᠯᠴᠠᠭᠰᠠᠨ ᠪᠣᠳᠠᠲᠠᠢ ᠦᠢᠯᠡ ᠠᠵᠢᠯᠯᠠᠭ᠎ᠠ ᠪᠠᠷ ᠵᠥᠪᠰᠢᠶᠡᠷᠡᠭᠰᠡᠨ ᠢᠶᠠᠨ ᠢᠯᠡᠷᠬᠡᠶᠢᠯᠡᠵᠦ᠂ ᠥᠭᠴᠡᠭᠡᠨ ᠳᠤ ᠣᠷᠣᠭᠰᠠᠨ ᠢ ᠪᠦᠷᠢᠯᠳᠦᠭᠦᠯᠦᠨ᠎ᠡ᠂ ᠸᠠᠩ ᠣᠪᠣᠭᠲᠤ ᠬᠡᠷᠡᠭ ᠲᠤ ᠬᠤᠯᠪᠣᠭᠳᠠᠭᠰᠠᠨ ᠭᠡᠷ ᠪᠠᠶᠢᠰᠢᠩ ᠤᠨ ᠲᠥᠯᠥᠬᠦ ᠶᠣᠰᠣᠲᠠᠢ ᠠᠳᠠᠯ ᠠᠬᠤᠢ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠥᠷᠢᠲᠦᠭᠰᠡᠨ ᠵᠠᠷᠤᠳᠠᠯ ᠳᠤ ᠬᠤᠯᠪᠣᠯᠳᠤᠭᠰᠠᠨ ᠲᠥᠯᠥᠵᠦ ᠳᠠᠭᠤᠰᠬᠠᠬᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃          ᠰᠢᠭᠦᠬᠦ ᠬᠤᠷᠢᠶᠠᠨ ᠤ ᠰᠢᠭᠦᠨ ᠲᠠᠰᠤᠯᠤᠯᠲᠠ᠄ ᠤᠳᠤ ᠶᠢᠨ ᠭᠡᠷ ᠤᠨ ᠡᠵᠡᠨ ᠯᠢ ᠣᠪᠣᠭᠲᠤ ᠠᠳᠠᠯ ᠠᠬᠤᠢ ᠶᠢᠨ ᠺᠣᠮᠫᠠᠨᠢ ᠳᠤ ᠬᠤᠯᠪᠣᠭᠳᠠᠯ ᠪᠦᠬᠦᠢ ᠠᠳᠠᠯ ᠠᠬᠤᠢ ᠶᠢᠨ ᠥᠷᠢᠲᠦᠭᠰᠡᠨ ᠵᠠᠷᠤᠳᠠᠯ ᠢ ᠲᠥᠯᠥᠵᠦ ᠥᠭᠬᠦ ᠬᠡᠷᠡᠭᠲᠡᠢ᠂ ᠸᠠᠩ ᠣᠪᠣᠭᠲᠤ ᠯᠢ ᠣᠪᠣᠭᠲᠤ ᠶᠢᠨ ᠡᠭᠦᠷᠭᠡᠯᠡᠬᠦ ᠶᠣᠰᠣᠲᠠᠢ ᠥᠭᠴᠡᠭᠡ ᠳᠤ ᠬᠤᠯᠪᠣᠯᠳᠤᠭᠰᠠᠨ ᠲᠥᠯᠥᠵᠦ ᠳᠠᠭᠤᠰᠬᠠᠬᠤ ᠬᠠᠷᠢᠭᠤᠴᠠᠯᠭ᠎ᠠ ᠡᠭᠦᠷᠭᠡᠯᠡᠨ᠎ᠡ᠃ ᠹᠦᠵᠢᠶᠠᠨ ᠮᠤᠵᠢ ᠶᠢᠨ ᠰᠢᠶᠠᠮᠧᠨ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠬᠤᠶᠠᠳᠤᠭᠠᠷ ᠰᠢᠭᠦᠯᠲᠡ ᠳᠤ ᠳᠡᠭᠡᠷ᠎ᠡ ᠳᠤᠷᠠᠳᠤᠭᠰᠠᠨ ᠲᠠᠰᠤᠯᠤᠯᠳᠠ ᠶᠢ ᠪᠠᠷᠢᠮᠲᠠᠯᠠᠪᠠ᠃          ᠰᠢᠭᠦᠭᠴᠢ᠄ ᠰᠢᠭᠦᠬᠦ ᠬᠤᠷᠢᠶ᠎ᠠ  ᠶᠢᠨ ᠦᠨ᠎ᠡ ᠬᠠᠶᠠᠵᠤ ᠬᠤᠳᠠᠯᠳᠤᠬᠤ ᠭᠡᠷ ᠬᠥᠷᠥᠩᠭᠡ ᠬᠡᠳᠦᠶᠢᠪᠡᠷ ᠰᠠᠶᠢᠨ ᠪᠣᠯᠪᠠᠴᠤ᠂ ᠬᠡᠷᠰᠡᠦ ᠪᠣᠯᠭᠤᠮᠵᠢᠲᠠᠢ ᠪᠠᠶᠢᠬᠤ ᠪᠠᠨ ᠠᠯᠳᠠᠵᠤ ᠪᠣᠯᠬᠤ ᠦᠭᠡᠢ          ᠣᠶᠢᠷ᠎ᠠ  ᠶᠢᠨ ᠵᠢᠯ ᠠᠴᠠ ᠨᠠᠰᠢ ᠰᠢᠭᠦᠬᠦ ᠬᠤᠷᠢᠶ᠎ᠠ  ᠶᠢᠨ ᠦᠨ᠎ᠡ ᠬᠠᠶᠠᠵᠤ ᠬᠤᠳᠠᠯᠳᠤᠬᠤ ᠣᠷᠣᠨ ᠰᠠᠭᠤᠴᠠ  ᠶᠢᠨ ᠠᠷᠠᠯᠵᠢᠶᠠᠨ ᠤ ᠬᠠᠯᠠᠮᠰᠢᠯ ᠦᠷᠭᠦᠯᠵᠢᠯᠡᠨ ᠨᠡᠮᠡᠭᠳᠡᠵᠦ ᠪᠠᠶᠢᠨ᠎ᠠ᠃ ᠬᠤᠳᠠᠯᠳᠤᠨ ᠠᠪᠤᠭᠴᠢ ᠳᠤ ᠠᠪᠴᠤ ᠬᠡᠯᠡᠪᠡᠯ᠂ ᠬᠡᠷᠡᠭ ᠲᠤ ᠬᠤᠯᠪᠣᠭᠳᠠᠭᠰᠠᠨ ᠭᠡᠷ ᠪᠠᠶᠢᠰᠢᠩ ᠳᠤ ᠦ ᠰᠡᠪ ᠲᠠᠢ ᠪᠤᠶᠤ ᠡᠷᠬᠡ ᠶᠢᠨ ᠡᠭᠦᠷᠭᠡᠯᠡᠯ ᠣᠷᠣᠰᠢᠵᠤ ᠮᠡᠳᠡᠨ᠎ᠠ᠃ ᠡᠶᠢᠮᠦ ᠠᠴᠠ᠂ ᠬᠠᠤᠯᠢ ᠪᠠᠷ ᠦᠨ᠎ᠡ ᠬᠠᠶᠠᠵᠤ ᠬᠤᠳᠠᠯᠳᠤᠬᠤ ᠭᠡᠷ ᠪᠠᠶᠢᠰᠢᠩ ᠲᠠᠢ ᠬᠤᠯᠪᠣᠭᠳᠠᠭᠰᠠᠨ ᠵᠢᠭᠤᠷᠠᠯᠳᠤᠭᠠᠨ ᠴᠤ ᠲᠡᠷᠡ ᠳᠠᠷᠤᠢ ᠳᠤᠨᠢ ᠡᠭᠦᠰᠴᠦ᠂ ᠬᠡᠷᠡᠭ ᠲᠤ ᠬᠤᠯᠪᠣᠭᠳᠠᠭᠰᠠᠨ ᠭᠡᠷ ᠪᠠᠶᠢᠰᠢᠩ ᠤᠨ ᠥᠷᠢ ᠰᠢᠷᠢ ᠶᠢ ᠢᠯᠭᠠᠷᠠᠭᠤᠯᠤᠨ ᠲᠥᠯᠥᠭᠰᠡᠨ ᠠᠳᠠᠯ ᠠᠬᠤᠢ ᠶᠢᠨ ᠦᠢᠯᠡᠴᠢᠯᠡᠭᠡᠨ ᠤ ᠵᠠᠷᠤᠳᠠᠯ ᠢ ᠲᠥᠯᠥᠬᠦ ᠠᠰᠠᠭᠤᠳᠠᠯ ᠨᠡᠯᠢᠶᠡᠳ ᠤᠯᠠᠨ ᠬᠤᠯᠪᠣᠭᠳᠠᠨ᠎ᠠ᠃ ᠲᠤᠰ ᠬᠡᠷᠡᠭ ᠲᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ᠲᠠᠪᠤᠨ ᠵᠠᠭᠤ ᠲᠠᠪᠢᠨ ᠬᠤᠶᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠄ ︽ᠭᠤᠷᠪᠠᠳᠠᠭᠢ ᠬᠥᠮᠥᠨ ᠬᠢᠭᠡᠳ ᠥᠭᠴᠡᠭᠡᠲᠡᠨ ᠨᠢ ᠥᠭᠴᠡᠭᠡ ᠳᠤ ᠣᠷᠣᠬᠤ ᠪᠠᠷ ᠪᠣᠯᠵᠣᠨ ᠲᠣᠭᠲᠠᠭᠰᠠᠨ ᠪᠥᠭᠡᠳ ᠠᠪᠴᠠᠭᠠᠲᠠᠨ ᠳᠤ ᠮᠡᠳᠡᠭᠳᠡᠭᠰᠡᠨ᠂ ᠡᠰᠡᠬᠦᠯ᠎ᠡ ᠭᠤᠷᠪᠠᠳᠠᠭᠢ ᠬᠥᠮᠥᠨ ᠨᠢ ᠥᠭᠴᠡᠭᠡ ᠳᠤ ᠣᠷᠣᠬᠤ ᠳᠤᠷᠠᠲᠠᠢ ᠪᠠᠶᠢᠬᠤ ᠪᠠᠨ ᠠᠪᠴᠠᠭᠠᠲᠠᠨ ᠳᠤ ᠢᠯᠡᠷᠬᠡᠶᠢᠯᠡᠭᠰᠡᠨ ᠪᠠᠶᠢᠲᠠᠯ᠎ᠠ ᠠᠪᠴᠠᠭᠠᠲᠠᠨ ᠨᠢ ᠵᠦᠢ ᠵᠣᠬᠢᠰᠲᠠᠢ ᠬᠤᠭᠤᠴᠠᠭᠠᠨ ᠤ ᠳᠣᠲᠣᠷ᠎ᠠ ᠲᠡᠪᠴᠢᠬᠦ ᠪᠠᠨ ᠲᠣᠳᠣᠷᠬᠠᠶᠢᠯᠠᠭᠰᠠᠨ ᠦᠭᠡᠢ ᠪᠠᠶᠢᠪᠠᠯ᠂ ᠠᠪᠴᠠᠭᠠᠲᠠᠨ ᠨᠢ ᠭᠤᠷᠪᠠᠳᠠᠭᠢ ᠬᠥᠮᠥᠨ ᠢᠶᠠᠷ ᠥᠪᠡᠷ ᠤᠨ ᠡᠭᠦᠷᠭᠡᠯᠡᠬᠦ ᠳᠤᠷᠠᠲᠠᠢ ᠥᠭᠴᠡᠭᠡ ᠶᠢᠨ ᠬᠡᠪᠴᠢᠶᠡᠨ ᠳᠣᠲᠣᠷ᠎ᠠ ᠥᠭᠴᠡᠭᠡᠲᠡᠨ ᠲᠠᠢ ᠬᠤᠯᠪᠣᠯᠳᠤᠭᠰᠠᠨ ᠥᠭᠴᠡᠭᠡ ᠡᠭᠦᠷᠭᠡᠯᠡᠭᠦᠯᠬᠦ ᠪᠠᠷ ᠭᠤᠶᠤᠴᠢᠯᠠᠵᠤ ᠪᠣᠯᠣᠨ᠎ᠠ︾ ᠭᠡᠵᠦ ᠲᠣᠭᠲᠠᠭᠰᠠᠨ ᠪᠠᠶᠢᠳᠠᠭ᠃ ᠡᠶᠢᠮᠦ ᠠᠴᠠ᠂ ᠤᠳᠤ ᠶᠢᠨ ᠭᠡᠷ ᠤᠨ ᠡᠵᠡᠨ ᠯᠢ ᠣᠪᠣᠭᠲᠤ ᠬᠡᠷᠡᠭ ᠲᠤ ᠬᠤᠯᠪᠣᠭᠳᠠᠭᠰᠠᠨ ᠭᠡᠷ ᠪᠠᠶᠢᠰᠢᠩ ᠢ ᠥᠷᠢᠰᠦᠯᠳᠦᠭᠰᠡᠨ ᠤ ᠤᠯᠠᠮ ᠠᠴᠠ ᠥᠷᠢ ᠥᠭᠴᠡᠭᠡ ᠪᠣᠯᠵᠤ ᠪᠦᠷᠢᠯᠳᠦᠵᠦ᠂ ᠤᠤᠯ ᠤᠨ ᠭᠡᠷ ᠤᠨ ᠡᠵᠡᠨ ᠸᠠᠩ ᠣᠪᠣᠭᠲᠤ ᠲᠠᠢ ᠬᠡᠷᠡᠭ ᠲᠤ ᠬᠤᠯᠪᠣᠭᠳᠠᠭᠰᠠᠨ ᠭᠡᠷ ᠪᠠᠶᠢᠰᠢᠩ ᠤᠨ ᠬᠤᠯᠪᠣᠭᠳᠠᠯ ᠪᠦᠬᠦᠢ ᠠᠳᠠᠯ ᠠᠬᠤᠢ ᠶᠢᠨ ᠥᠷᠢᠲᠦᠭᠰᠡᠨ ᠵᠠᠷᠤᠳᠠᠯ ᠳᠤ ᠬᠤᠯᠪᠣᠯᠳᠤᠭᠰᠠᠨ ᠲᠥᠯᠥᠵᠦ ᠳᠠᠭᠤᠰᠬᠠᠬᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃          ᠬᠡᠳᠦᠶᠢᠪᠡᠷ ᠰᠢᠭᠦᠬᠦ ᠬᠤᠷᠢᠶ᠎ᠠ ᠶᠢᠨ ᠦᠨ᠎ᠡ ᠬᠠᠶᠠᠵᠤ ᠬᠤᠳᠠᠯᠳᠤᠬᠤ ᠭᠡᠷ ᠪᠠᠶᠢᠰᠢᠩ ᠨᠢ ᠵᠠᠬ᠎ᠠ ᠳᠡᠯᠭᠡᠭᠦᠷ ᠤᠨ ᠦᠨ᠎ᠡ ᠠᠴᠠ ᠳᠣᠣᠭᠤᠷ ᠦᠨ᠎ᠡ ᠪᠠᠷ ᠠᠷᠠᠯᠵᠢᠶ᠎ᠠ ᠪᠦᠲᠦᠵᠦ᠂ ᠭᠡᠷ ᠪᠠᠶᠢᠰᠢᠩ ᠬᠤᠳᠠᠯᠳᠤᠨ ᠠᠪᠤᠭᠴᠢ ᠳᠤ ︽ᠣᠷᠬᠢᠭᠳᠠᠭᠤᠯᠤᠯ︾ ᠤᠨ ᠲᠤᠶᠢᠯ ᠤᠨ ᠰᠠᠶᠢᠨ ᠲᠣᠬᠢᠶᠠᠯ ᠣᠯᠭᠤᠭᠰᠠᠨ ᠪᠣᠯᠪᠠᠴᠤ ᠬᠠᠤᠯᠢ ᠪᠠᠷ ᠦᠨ᠎ᠡ ᠬᠠᠶᠠᠵᠤ ᠬᠤᠳᠠᠯᠳᠤᠬᠤ ᠭᠡᠷ ᠪᠠᠶᠢᠰᠢᠩ ᠤᠨ ᠲᠤᠰ ᠪᠡᠶ᠎ᠡ ᠳᠤ ᠵᠣᠬᠢᠬᠤ ᠠᠶᠤᠯ ᠲᠦᠭᠰᠢᠭᠦᠷᠢ ᠣᠷᠣᠰᠢᠵᠤ ᠮᠡᠳᠡᠨ᠎ᠠ᠃ ᠭᠡᠷ ᠬᠤᠳᠠᠯᠳᠤᠨ ᠠᠪᠤᠭᠴᠢ ᠶᠢ ᠦᠨ᠎ᠡ ᠬᠠᠶᠠᠯᠴᠠᠨ ᠬᠤᠳᠠᠯᠳᠤᠬᠤ ᠠᠴᠠ ᠡᠮᠦᠨ᠎ᠡ ᠬᠠᠷᠠᠯᠲᠠ ᠭᠡᠷ ᠪᠠᠶᠢᠰᠢᠩ ᠤᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠬᠤ ᠶᠢ ᠰᠠᠨᠠᠭᠤᠯᠤᠶ᠎ᠠ᠂ ᠵᠢᠱᠢᠶᠡᠯᠡᠪᠡᠯ ᠠᠳᠠᠯ ᠠᠬᠤᠢ ᠶᠢᠨ ᠺᠣᠮᠫᠠᠨᠢ ᠳᠤ ᠬᠦᠷᠴᠦ ᠬᠠᠷᠠᠯᠲᠠ ᠭᠡᠷ ᠪᠠᠶᠢᠰᠢᠩ ᠤᠨ ᠥᠷᠢᠲᠦᠵᠦ ᠪᠠᠶᠢᠭ᠎ᠠ ᠪᠠᠶᠢᠳᠠᠯ ᠢ ᠪᠠᠶᠢᠴᠠᠭᠠᠨ ᠯᠠᠪᠯᠠᠬᠤ᠂ ᠭᠦᠢᠴᠡᠳᠬᠡᠬᠦ ᠰᠢᠭᠦᠬᠦ ᠬᠤᠷᠢᠶ᠎ᠠ ᠠᠴᠠ ᠬᠠᠷᠠᠯᠲᠠ ᠭᠡᠷ ᠪᠠᠶᠢᠰᠢᠩ ᠤᠨ ᠣᠳᠣᠬᠢ ᠪᠠᠶᠢᠳᠠᠯ ᠢ ᠨᠠᠷᠢᠨ ᠯᠠᠪᠯᠠᠬᠤ᠂ ᠬᠠᠷᠠᠯᠲᠠ ᠭᠡᠷ ᠪᠠᠶᠢᠰᠢᠩ ᠤᠨ ᠳᠣᠲᠣᠭᠠᠳᠤ ᠵᠢᠴᠢ ᠡᠷᠬᠢᠨ ᠲᠣᠭᠤᠷᠢᠨ ᠳᠤ ᠬᠦᠷᠴᠦ ᠪᠦᠬᠦ ᠲᠠᠯ᠎ᠠ ᠪᠠᠷ ᠦᠨᠡᠯᠡᠨ ᠵᠢᠱᠢᠯᠲᠡ ᠬᠢᠬᠦ ᠵᠡᠷᠭᠡ ᠪᠠᠷ ᠳᠣᠲᠣᠷ᠎ᠠ ᠪᠠᠨ ᠲᠤᠭ᠎ᠠ ᠲᠠᠢ ᠪᠠᠶᠢᠬᠤ ᠬᠡᠷᠡᠭᠲᠡᠢ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ