ᠠᠮᠤᠷᠪᠠᠲᠤ ᠭᠠᠨᠵᠤᠤᠷ ᠰᠤᠮᠤᠨ ᠳᠤ ᠬᠦᠷᠴᠦ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠥᠷᠨᠢᠭᠦᠯᠦᠭᠰᠡᠨ ᠪᠠᠶᠢᠳᠠᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/5/8
          5 ᠰᠠᠷ᠎ᠠ ᠶᠢᠨ 7 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠠᠮᠤᠷᠪᠠᠲᠤ ︽ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠭᠠᠨᠵᠤᠤᠷ ᠰᠤᠮᠤ ᠳᠤ ᠭᠦᠨᠵᠡᠭᠡᠶᠢᠷᠡᠵᠦ᠂ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠣᠳᠠᠲᠠᠢ ᠭᠠᠵᠠᠷ  ᠲᠤᠨᠢ ᠬᠢᠨᠠᠨ ᠵᠢᠯᠣᠭᠤᠳᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠠᠵᠢᠯ ᠤᠨ ᠵᠥᠪᠯᠡᠯ᠂ ᠭᠠᠨᠵᠤᠤᠷ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃          ᠠᠮᠤᠷᠪᠠᠲᠤ ᠶᠠᠭᠤᠨ ᠤ ᠡᠮᠦᠨ᠎ᠡ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠪᠦᠯᠢ ᠶᠢᠨ ᠪᠠᠶᠢᠭᠤᠯᠤᠯᠲᠠ ᠪᠠ ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠨ ᠦᠵᠡᠪᠡ᠃ ᠠᠮᠤᠷᠪᠠᠲᠤ ᠴᠢᠬᠤᠯᠠᠴᠢᠯᠠᠭᠰᠠᠨ ᠨᠢ᠂ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠬᠠᠷᠢᠭᠤᠴᠠᠯᠭᠠᠲᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ  ᠪᠠᠨ ᠳᠡᠭᠡᠭᠰᠢᠯᠡᠭᠦᠯᠬᠦ  ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠪᠠ ᠲᠦᠷᠦ ᠶᠢᠨ ᠪᠣᠳᠣᠯᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠰᠢᠨ᠎ᠡ ᠨᠢᠭᠡ ᠡᠭᠡᠯᠵᠢ ᠶᠢᠨ ᠬᠤᠰᠢᠭᠤ᠂ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠪᠡᠯᠡᠳᠬᠡᠯ ᠠᠵᠢᠯ ᠢ ᠰᠠᠶᠢᠲᠤᠷ ᠬᠢᠵᠦ᠂ ᠤᠷᠢᠳᠴᠢᠯᠠᠨ ᠲᠥᠯᠥᠪᠵᠢᠭᠦᠯᠵᠦ᠂ ᠤᠷᠢᠳᠴᠢᠯᠠᠨ ᠮᠠᠭᠠᠳᠯᠠᠬᠤ ᠶᠢ ᠰᠠᠶᠢᠲᠤᠷ ᠬᠢᠵᠦ᠂ ᠲᠤᠷᠰᠢᠯᠭ᠎ᠠ ᠪᠠ ᠠᠷᠭ᠎ᠠ ᠪᠠᠨ ᠰᠠᠶᠢᠲᠤᠷ ᠳ᠋ᠦᠩᠨᠡᠵᠦ᠂ ᠡᠯ᠎ᠡ ᠵᠦᠢᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃          ᠳᠠᠷᠠᠭ᠎ᠠ ᠳᠤᠨᠢ᠂ ᠠᠮᠤᠷᠪᠠᠲᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠲᠤ ᠭᠦᠨᠵᠡᠭᠡᠶᠢᠷᠡᠵᠦ᠂ ᠲᠥᠯᠥᠭᠡᠯᠡᠭᠴᠢᠳ ᠤᠨ ᠳᠡᠪᠰᠢᠭᠦᠯᠦᠭᠰᠡᠨ ᠰᠠᠨᠠᠯ ᠰᠠᠨᠠᠭᠤᠯᠭ᠎ᠠ ᠶᠢ ᠭᠦᠢᠴᠡᠳᠬᠡᠭᠰᠡᠨ ᠪᠠᠶᠢᠳᠠᠯ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠪᠠ ᠮᠠᠯᠴᠢᠳ ᠤᠨ ᠦᠢᠯᠡᠳᠪᠦᠷᠢᠯᠡᠯ ᠠᠮᠢᠳᠤᠷᠠᠯ᠂ ᠡᠪᠡᠰᠦ ᠪᠣᠷᠳᠤᠭ᠎ᠠ ᠶᠢᠨ ᠨᠦᠭᠡᠴᠡᠯᠡᠯᠲᠡ᠂ ᠰᠡᠯᠭᠦᠨ ᠮᠠᠯᠵᠢᠬᠤ ᠬᠤᠭᠤᠴᠠᠭᠠᠨ ᠳᠠᠬᠢ ᠪᠡᠯᠴᠢᠭᠡᠷᠯᠡᠭᠦᠯᠬᠦ ᠶᠢ ᠵᠣᠭᠰᠤᠭᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ